ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠮᠠᠨ ᠤ ᠬᠤᠲᠠ ᠶᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/11/2
    10 ᠰᠠᠷ᠎ᠠ ᠶᠢᠨ 29 ᠤ ᠡᠳᠦᠷ᠂ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠢᠷᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠵᠠᠯᠠᠨ ᠠᠶᠢᠯ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠵᠥᠩ ᠯᠢ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳᠠᠳᠤᠯᠭ᠎ᠠ ᠪᠣᠯᠪᠠᠰᠤᠷᠠᠯ ᠤᠨ ᠠᠩᠭᠢ ᠶᠢᠨ ᠭᠡᠷ᠂ ᠰᠤᠷᠤᠭᠴᠢᠳ ᠤᠨ ᠬᠤᠭᠤᠯᠠᠨ ᠭᠡᠷ᠂ ᠰᠤᠷᠤᠭᠴᠢ ᠶᠢᠨ ᠪᠠᠶᠢᠷᠢ ᠳᠤ ᠬᠦᠷᠴᠦ᠂ ᠰᠤᠷᠤᠭᠴᠢᠳ ᠤᠨ ᠠᠮᠢᠳᠤᠷᠠᠯ ᠵᠢᠴᠢ ᠰᠤᠷᠤᠯᠴᠠᠬᠤ ᠣᠷᠴᠢᠨ ᠲᠣᠭᠤᠷᠢᠨ ᠢ ᠨᠠᠷᠢᠨ ᠬᠢᠨᠠᠮᠠᠭᠠᠢ ᠣᠶᠢᠯᠠᠭᠠᠪᠠ᠃ ᠮᠠᠰᠢᠨ ᠴᠠᠬᠢᠯᠭᠠᠨ ᠤ ᠪᠣᠳᠠᠲᠠᠶ ᠪᠣᠯᠪᠠᠰᠤᠷᠠᠯ ᠤᠨ ᠲᠠᠰᠤᠭ ᠪᠣᠯᠤᠨ ᠳᠣᠤᠷ᠎ᠠ ᠬᠦᠴᠦᠳᠡᠯᠲᠦ ᠴᠠᠬᠢᠯᠭᠠᠨ ᠤ ᠠᠵᠢᠯ ᠤᠨ ᠪᠣᠳᠠᠲᠤ ᠬᠡᠷᠡᠭᠵᠢᠬᠦᠯᠬᠦ ᠰᠢᠯᠭᠠᠯᠲᠠ ᠶᠢᠨ ᠲᠠᠰᠤᠭ ᠲᠤ ᠰᠤᠷᠤᠭᠴᠢᠳ ᠤᠨ ᠲᠤᠬᠠᠶ ᠶᠢᠨ ᠲᠠᠯᠠᠪᠤᠷ ᠤᠨ ᠠᠵᠢᠯᠯᠠᠭ᠎ᠠ ᠶᠢ ᠰᠣᠨᠢᠷᠬᠠᠵᠠᠶ᠃ ᠡᠭᠦᠨ ᠤ ᠬᠠᠮᠲᠤ ᠬᠢᠴᠢᠶᠡᠯ ᠤᠨ ᠲᠣᠬᠢᠷᠠᠭᠤᠯᠤᠯᠲᠠ ᠵᠢᠴᠢ ᠠᠵᠢᠯ ᠣᠯᠭᠤᠯᠲᠠ ᠶᠢᠨ ᠲᠠᠯ᠎ᠠ ᠶᠢᠨ ᠲᠠᠨᠢᠯᠴᠠᠭᠤᠯᠭ᠎ᠠ ᠶᠢ ᠰᠣᠨᠣᠰᠪᠠ᠃ ᠲᠡᠷᠢᠭᠦᠨ ᠤ ᠰᠤᠷᠭᠠᠭᠤᠯᠢ ᠡᠷᠭᠢᠯᠡᠬᠦ ᠲᠥᠬᠦᠭᠡᠷᠦᠮᠵᠢ ᠪᠠ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠨᠢ ᠴᠥᠮ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠤ ᠭᠦᠨ ᠵᠤᠵᠠᠭᠠᠨ ᠳᠤᠷ᠎ᠠ ᠰᠣᠨᠢᠷᠬᠠᠯ ᠢ ᠲᠠᠲᠠᠵᠠᠶ᠃     ᠲᠤᠬᠠᠶ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠤᠨ ᠲᠣᠭᠤᠷᠢᠨ ᠳᠤ ᠶᠠᠷᠢᠯᠴᠠᠬᠤ ᠬᠤᠷᠠᠯ ᠬᠢᠪᠡ᠃ ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠵᠢᠴᠢ ᠵᠢᠭᠠᠨ ᠰᠤᠷᠭᠠᠯᠲᠠ ᠶᠢᠨ ᠲᠠᠯ᠎ᠠ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
    ᠪᠠᠶᠢᠴᠠᠭᠠᠨ ᠰᠤᠳᠤᠯᠬᠤ ᠳᠤᠭᠤᠶᠢᠯᠠᠩ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠥᠨᠳᠥᠷ ᠳᠤᠮᠳᠠᠳᠤ ᠶᠢᠨ ᠣᠶᠢᠷ᠎ᠠ ᠶᠢᠨ ᠵᠢᠯ ᠤᠨ ᠲᠤᠷᠰᠢᠬᠢ ᠰᠤᠷᠭᠠᠭᠤᠯᠢ ᠡᠷᠬᠢᠯᠡᠭᠰᠡᠨ ᠦᠷ᠎ᠡ ᠪᠦᠲᠦᠭᠡᠯ ᠢ  ᠬᠦᠢᠴᠡᠳ ᠨᠤᠲᠠᠯᠠᠵᠠᠶ᠃ ᠰᠤᠷᠤᠭᠴᠢᠳ ᠤᠨ ᠬᠥᠯᠥᠨ ᠪᠤᠶᠢᠷ ᠬᠤᠲᠠ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠳᠤ ᠣᠯᠤᠭᠰᠠᠨ ᠬᠢᠷᠢ ᠪᠦᠲᠦᠮᠵᠢ᠂ ᠣᠨᠴᠠᠯᠢᠭᠲᠤ ᠬᠢᠴᠢᠶᠡᠯ ᠨᠡᠭᠡᠭᠡᠬᠦ᠂  ᠸᠧ ᠨᠢᠤ ᠾᠧ ᠬᠤᠪᠢᠶᠠᠷᠢ ᠰᠤᠷᠭᠠᠭᠤᠯᠢ᠂ ᠬᠥᠯᠥᠨ ᠪᠤᠶᠢᠷ ᠬᠤᠲᠠ ᠶᠢᠨ ᠳᠠᠪᠠᠭᠠᠨ ᠤ ᠵᠡᠭᠦᠨᠳᠡᠬᠢ ᠠᠶᠤᠯ ᠥᠬᠡᠶ  ᠦᠢᠯᠡᠳᠪᠦᠷᠢᠯᠡᠯ ᠤᠨ ᠪᠣᠯᠪᠠᠰᠤᠷᠠᠭᠤᠯᠤᠯ ᠤᠨ ᠲᠥᠪ᠂ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠭᠠᠵᠠᠷ ᠪᠠᠶᠢᠭᠤᠯᠬᠤ ᠵᠡᠷᠭᠡ ᠲᠠᠯ᠎ᠠ ᠪᠠᠷ ᠳᠡᠭᠡᠳᠦ ᠬᠡᠮᠵᠢᠶ᠎ᠡ ᠪᠠᠷ ᠦᠨᠡᠯᠡᠪᠡ᠃ ᠡᠭᠦᠨ ᠤ ᠬᠠᠮᠲᠤ ᠲᠤᠰ ᠭᠠᠵᠠᠷ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ ᠵᠠᠯᠠᠨ ᠠᠶᠢᠯ ᠬᠤᠲᠠ ᠶᠢᠨ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠨ᠎ᠡ ᠬᠦᠰᠡᠯ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠱᠠᠭᠠᠷᠳᠠᠯᠭ᠎ᠠ᠂ ᠪᠠᠭᠰᠢ ᠶᠢᠨ ᠪᠦᠯᠬᠦᠮ ᠤᠨ ᠪᠣᠯᠪᠠᠰᠤᠷᠠᠯ ᠪᠠ ᠴᠢᠳᠠᠪᠤᠷᠢ ᠶᠢᠨ ᠳᠡᠭᠡᠭᠰᠢᠯᠡᠯᠲᠡ ᠶᠢ ᠴᠢᠬᠤᠯᠠᠴᠢᠯᠠᠵᠤ᠂ ᠪᠠᠭᠰᠢ ᠶᠢᠨ ᠮᠣᠷᠠᠯ ᠪᠠᠭᠰᠢ ᠶᠢᠨ ᠬᠡᠪ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢᠨ ᠲᠤᠰᠬᠠᠶ ᠮᠡᠷᠭᠡᠵᠢᠯ ᠢ ᠬᠦᠴᠦᠯᠡᠨ ᠪᠠᠶᠢᠭᠤᠯᠵᠤ᠂ ᠴᠠᠬᠢᠯᠭᠠᠨ ᠤ ᠠᠵᠢᠯᠴᠢᠨ ᠡᠯᠧᠺᠲᠷᠣᠨ᠂ ᠪᠠᠷᠢᠯᠭ᠎ᠠ ᠶᠢᠨ ᠵᠢᠷᠤᠭ ᠲᠥᠯᠥᠪᠯᠡᠭᠡ ᠵᠡᠷᠭᠡ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠣᠷᠣᠨ ᠪᠦᠰᠡ ᠶᠢᠨ ᠣᠨᠴᠠᠯᠢᠭ ᠲᠠᠢ᠂ ᠥᠨᠳᠥᠷ ᠬᠢᠷᠢ ᠲᠦᠪᠰᠢᠨ ᠲᠠᠢ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠣᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢ ᠡᠭᠦᠳᠦᠨ ᠪᠠᠶᠢᠭᠤᠯᠬᠤ ᠶᠢᠨ ᠲᠥᠯᠥᠭᠡ ᠲᠠᠰᠤᠷᠠᠯᠲᠠ ᠦᠭᠡᠢ ᠴᠢᠷᠮᠠᠶᠢᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号