ᠮᠠᠨ ᠤ ᠬᠤᠲᠠ ᠴᠠᠢ ᠾᠧ ᠦᠵᠡᠮᠵᠢ ᠶᠢᠨ ᠣᠷᠣᠨ ᠤ ᠶᠡᠷᠦᠩᠬᠡᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠵᠢᠴᠢ ᠰᠢᠷᠢᠰ ᠲᠥᠯᠥᠪᠵᠢᠭᠦᠯᠭᠡ ᠶᠢᠨ ᠬᠥᠲᠥᠯᠪᠦᠷᠢ ᠶᠢᠨ ᠱᠠᠲᠤ ᠦᠶ᠎ᠡ ᠶᠢᠨ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/2
    10 ᠰᠠᠷ᠎ᠠ ᠶᠢᠨ 29 ᠤ ᠡᠳᠦᠷ᠂ ᠮᠠᠨ ᠤ ᠬᠤᠲᠠ ᠴᠠᠢ ᠾᠧ ᠦᠵᠡᠮᠵᠢ ᠶᠢᠨ ᠣᠷᠣᠨ ᠤ ᠶᠡᠷᠦᠩᠬᠡᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠪᠡ ᠵᠢᠴᠢ ᠰᠢᠷᠢᠰ ᠲᠥᠯᠥᠪᠵᠢᠭᠦᠯᠭᠡ ᠶᠢᠨ ᠬᠥᠲᠥᠯᠪᠦᠷᠢ ᠶᠢᠨ ᠱᠠᠲᠤ ᠦᠶ᠎ᠡ ᠶᠢᠨ ᠬᠢᠨᠠᠨ ᠲᠣᠭᠲᠠᠭᠠᠬᠤ ᠬᠤᠷᠠᠯ ᠢ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠶᠤᠸᠠᠢ ᠭᠦᠸᠧ ᠳ᠋ᠦᠩ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠢᠦᠶ ᠵᠠᠩ᠂ ᠳ᠋ᠦ᠋ ᠮᠢᠩ ᠶᠠᠨ ᠵᠢᠴᠢ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠸᠠᠩ ᠪᠥᠸᠧ ᠡᠷᠭᠢᠯᠡᠪᠡ᠃     ᠪᠡᠭᠡᠵᠢᠩ ᠤᠨ  ᠯᠢᠥᠢ ᠸᠧᠶ  ᠰᠣᠶᠣᠯ ᠵᠢᠭᠤᠯᠴᠢᠯᠠᠯ  ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢᠨ ᠹᠧᠩ ᠲᠤᠰᠬᠠᠶ ᠮᠡᠷᠭᠡᠵᠢᠯᠲᠡᠳ ᠤᠨ ᠪᠦᠯᠬᠦᠮ ᠢᠶᠠᠨ ᠳᠠᠭᠠᠭᠤᠯᠤᠨ ᠴᠠᠶ ᠾᠧ ᠶᠢᠨ ᠦᠵᠡᠮᠵᠢ ᠶᠢᠨ ᠣᠷᠣᠨ ᠤ ᠶᠡᠷᠦᠩᠬᠡᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠵᠢᠴᠢ ᠰᠢᠷᠢᠰ ᠲᠥᠯᠥᠪᠵᠢᠭᠦᠯᠭᠡ ᠶᠢᠨ ᠬᠥᠲᠥᠯᠪᠦᠷᠢ ᠶᠢᠨ ᠲᠤᠬᠠᠶ ᠨᠠᠷᠢᠨ ᠮᠡᠳᠡᠭᠦᠯᠦᠯᠲᠡ ᠬᠢᠵᠡᠶ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠠᠨᠠᠯ ᠢᠶᠠᠨ ᠳᠤᠷᠠᠳᠪᠠ᠃
    ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠢ ᠾᠧ ᠦᠵᠡᠮᠵᠢ ᠶᠢᠨ ᠣᠷᠣᠨ ᠪᠣᠯ ᠵᠠᠯᠠᠨ ᠠᠶᠢᠯ ᠤᠨ ᠤᠯᠤᠰ ᠤᠨ ᠲᠡᠰ ᠤᠨ ᠠᠯᠳᠠᠷᠲᠤ ᠦᠵᠡᠮᠵᠢ ᠶᠢᠨ ᠣᠷᠣᠨ ᠤ ᠭᠤᠣᠯ ᠦᠵᠡᠮᠵᠢ ᠶᠢᠨ ᠣᠷᠣᠨ ᠪᠣᠯᠤᠨ᠎ᠠ᠂ 2017 ᠣᠨ ᠳᠤ ᠷᠠᠰᠢᠶᠠᠨ ᠤ ᠦᠵᠡᠮᠵᠢ ᠶᠢᠨ ᠣᠷᠣᠨ ᠲᠠᠢ ᠨᠢᠭᠡ ᠴᠤᠬᠴᠠᠵᠢᠭᠤᠯᠤᠨ ᠤᠯᠤᠰ ᠤᠨ 5A ᠲᠡᠰ ᠤᠨ ᠵᠤᠭᠠᠴᠠᠯ ᠤᠨ ᠦᠵᠡᠮᠵᠢ ᠶᠢᠨ ᠣᠷᠣᠨ ᠪᠣᠯᠵᠠᠢ᠃ ᠴᠠᠢ ᠾᠧ ᠦᠵᠡᠮᠵᠢ ᠶᠢᠨ ᠣᠷᠣᠨ ᠤ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠨᠢ ᠵᠠᠯᠠᠨ ᠠᠶᠢᠯ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ︽ᠤᠯᠠᠭᠠᠨᠬᠤᠲᠠ -- ᠷᠡᠰᠢᠶᠠᠨ -- ᠬᠠᠶᠢᠯᠠᠷ -- ᠮᠠᠨᠵᠤᠤᠷ︾ ᠵᠢᠭᠤᠯᠴᠢᠯᠠᠯ ᠤᠨ ᠨᠢᠭᠡ ᠴᠣᠭᠴᠠᠵᠢᠯᠲᠠ ᠳᠤ ᠠᠭᠤᠰᠤᠯᠴᠠᠬᠤ ᠳᠤ ᠲᠦᠢᠯ ᠤᠨ ᠴᠢᠬᠤᠯᠠ ᠶᠤᠮ᠃ ᠵᠠᠯᠠᠨ ᠠᠶᠢᠯ ᠬᠤᠲᠠ ᠶᠢᠨ ᠲᠡᠤᠬᠡ᠂ ᠰᠣᠶᠣᠯ᠂ ᠠᠮᠢ ᠠᠬᠤᠶ᠂ ᠣᠷᠣᠨ ᠪᠠᠶᠢᠷᠢ ᠵᠡᠷᠭᠡ ᠳᠠᠪᠠᠭᠤᠯᠢᠭ ᠲᠤ ᠰᠠᠭᠤᠷᠢᠯᠠᠵᠤ᠂ ᠦᠵᠡᠮᠵᠢ ᠶᠢᠨ ᠣᠷᠣᠨ ᠤ ᠳᠦᠷᠢ ᠲᠥᠷᠬᠦ ᠶᠢᠨ ᠪᠠᠶᠢᠷᠢ ᠲᠣᠭᠲᠠᠭᠠᠯᠲᠠ᠂ ᠵᠢᠭᠤᠯᠴᠢᠯᠠᠯ ᠤᠨ ᠰᠣᠳᠣᠨ ᠲᠥᠷᠥᠯ  ᠵᠦᠢᠯ᠂ ᠣᠷᠣᠨ ᠪᠦᠰᠡ ᠶᠢ ᠠᠭᠤᠰᠤᠯᠴᠠᠭᠤᠯᠤᠨ ᠬᠥᠭᠵᠢᠭᠦᠯᠬᠦ᠂ ᠤᠶᠢᠷ᠎ᠠ ᠶᠢᠨ ᠬᠤᠭᠤᠴᠠᠭᠠᠨ  ᠪᠣᠯᠤᠨ ᠠᠯᠣᠰ ᠤᠨ ᠬᠤᠭᠤᠴᠠᠭ᠎ᠠ ᠶᠢ  ᠤᠶᠠᠯᠳᠣᠭᠤᠯᠵᠤ᠂ ᠣᠨᠴᠠᠯᠢᠭᠲᠤ ᠨᠡᠷᠡᠲᠦ ᠲᠥᠷᠥᠯ ᠲᠡᠮᠳᠡᠭᠲᠦ ᠶᠢ ᠡᠭᠦᠳᠬᠦ᠂ ᠤᠬᠠᠭᠤᠯᠤᠨ ᠲᠠᠨᠢᠯᠴᠠᠭᠤᠯᠵᠤ ᠬᠤᠳᠠᠯᠳᠤᠭᠠᠴᠢᠨ ᠤᠷᠢᠬᠤ ᠵᠡᠷᠭᠡ ᠲᠠᠯ᠎ᠠ ᠪᠠᠷ ᠭᠦᠨᠵᠡᠭᠡᠶ ᠰᠢᠰᠲ᠋ᠧᠮ ᠲᠠᠢ ᠰᠤᠳᠤᠯᠤᠨ ᠲᠥᠯᠥᠪᠯᠡᠵᠦ᠂ ᠷᠠᠰᠢᠶᠠᠨ ᠴᠠᠢ ᠾᠧ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠤᠨ ᠵᠠᠯᠠᠨ ᠠᠶᠢᠯ ᠤᠨ ᠤᠯᠤᠰ ᠤᠨ ᠲᠠᠰ ᠤᠨ ᠠᠮᠢ ᠠᠬᠤᠶ ᠶᠢᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠬᠤᠶᠠᠷ ᠲᠦᠢᠯ ᠢᠶᠠᠷ ᠳᠠᠶᠢᠴᠢᠯᠠᠭᠰᠠᠨ ᠪᠦᠬᠦ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃     ᠬᠤᠷᠠᠯ ᠠᠴᠠ ᠴᠢᠬᠤᠯᠠᠴᠢᠯᠠᠭᠰᠠᠨ ᠨᠢ᠂ ᠴᠠᠢ ᠾᠧ ᠦᠵᠡᠮᠵᠢ ᠶᠢᠨ ᠣᠷᠣᠨ ᠤ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠪᠣᠯ ᠨᠢᠭᠡ  ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠡᠭᠦᠷᠭᠡ ᠨᠢ ᠶᠡᠭᠡ  ᠪᠠᠶᠢᠵᠦ᠂ ᠨᠠᠶᠢᠷᠠᠭᠤᠯᠤᠨ ᠵᠣᠬᠢᠶᠠᠬᠤ ᠨᠢᠭᠡᠴᠡ ᠨᠦᠭᠦᠳ ᠪᠠᠶᠢᠴᠠᠭᠠᠨ ᠰᠤᠳᠤᠯᠤᠯᠲᠠ ᠬᠢᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠪᠲᠡᠷᠡᠯᠴᠡᠨ ᠵᠣᠯᠭᠠᠭᠤᠯᠬᠤ ᠶᠢ ᠴᠢᠬᠤᠯᠠᠴᠢᠯᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠵᠤ᠂ ᠲᠡᠷᠢᠭᠦᠨ ᠤ ᠲᠤᠷᠰᠢᠯᠭ᠎ᠠ ᠠᠷᠭ᠎ᠠ ᠪᠠᠷᠢᠯ ᠢ ᠰᠤᠷᠤᠯᠴᠠᠨ ᠯᠠᠪᠯᠠᠯᠲᠠ ᠪᠣᠯᠭᠠᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠵᠦ᠂ ᠨᠢᠭᠲᠠ ᠠᠴᠠ ᠨᠢᠭᠲᠠ  ᠪᠠᠶᠢᠬᠤ ᠬᠡᠷᠡᠭᠲᠡᠶ᠂ ᠪᠠᠷᠠᠭᠠᠯᠬᠢᠯᠠᠯᠳᠤ ᠴᠢᠨᠠᠷ ᠲᠠᠢ  ᠪᠠᠶᠢᠬᠤ ᠬᠡᠷᠡᠭᠲᠡᠶ᠂ ᠪᠠᠰᠠ ᠬᠡᠷᠡᠭᠵᠢᠭᠦᠯᠵᠦ ᠪᠣᠯᠬᠤᠶᠢᠴᠠ ᠴᠢᠨᠠᠷ  ᠪᠠᠶᠢᠬᠤ ᠬᠡᠷᠡᠭᠲᠡᠶ᠂ ᠵᠠᠯᠠᠨ ᠠᠶᠢᠯ ᠳᠤ ᠬᠦᠴᠦᠨ ᠨᠡᠮᠡᠷᠢᠯᠡᠵᠦ ᠣᠷᠣᠨ ᠪᠦᠰᠡ ᠶᠢᠨ ᠵᠤᠭᠠᠴᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ︽ᠤᠯᠠᠭᠠᠨᠬᠤᠲᠠ -- ᠷᠡᠰᠢᠶᠠᠨ -- ᠬᠠᠶᠢᠯᠠᠷ -- ᠮᠠᠨᠵᠤᠤᠷ︾ ᠵᠤᠭᠠᠴᠠᠯ ᠤᠨ ᠨᠢᠭᠡ ᠴᠤᠭᠴᠠᠵᠢᠭᠰᠠᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号