ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ᠡᠨᠡ ᠨᠢᠭᠡ ᠵᠢᠯ ᠳᠤ ᠶᠠᠳᠠᠭᠤ ᠶᠢ ᠳᠡᠳᠬᠦᠭᠰᠡᠨ ᠤᠯᠠ ᠮᠥᠷ ᠤᠳ
ᠨᠡᠶᠢᠲᠡᠯᠡᠭᠰᠡᠨ ᠴᠠᠭ᠄
2020/11/2
    ᠱᠢ ᠲᠠᠢ ᠹᠧᠩ᠄ ︽ᠮᠠᠨ ᠤ ᠨᠠᠮ ᠬᠤᠪᠢᠰᠬᠠᠯ ᠬᠢᠵᠦ᠂ ᠪᠥᠲᠥᠭᠡᠨ ᠪᠠᠶᠢᠭᠤᠯᠤᠯᠲᠠ ᠬᠢᠵᠦ᠂ ᠥᠭᠡᠷᠡᠴᠢᠯᠡᠯᠲᠡ ᠶᠢ ᠠᠳᠬᠤᠬᠤ ᠨᠢ ᠴᠥᠮ ᠠᠷᠠᠳ ᠲᠦᠮᠡᠨ ᠳᠤ ᠠᠰᠢᠭ ᠲᠤᠰᠠ ᠣᠯᠭᠤᠵᠤ᠂ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠠᠪᠤᠳᠠᠯ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡ ᠵᠢᠳᠬᠦᠬᠦ ᠬᠠᠷᠢᠭᠤᠴᠠᠯᠭ᠎ᠠ ᠪᠠᠨ ᠬᠢᠴᠢᠶᠡᠩᠭᠦ᠋ᠢᠯᠡᠨ ᠰᠠᠬᠢᠵᠤ᠂ ᠠᠷᠠᠳ ᠢ ᠪᠠᠶᠠᠵᠢᠭᠤᠯᠬᠤ ᠠᠷᠭ᠎ᠠ ᠪᠣᠳᠣᠯᠭ᠎ᠠ ᠶᠢ ᠰᠠᠶᠢᠲᠤᠷ ᠰᠦᠪᠡᠭᠴᠢᠯᠡᠵᠦ᠂ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠢᠯᠡᠭᠦᠬᠡᠨ ᠬᠢᠵᠦ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ ᠂ ᠨᠢᠭᠡ ᠨᠢᠭᠡ ᠶᠠᠪᠤᠳᠠᠯ ᠢ ᠨᠢᠭᠡ ᠨᠢᠭᠡ ᠪᠠᠷ ᠬᠢᠵᠦ᠂ ᠨᠢᠭᠡ ᠨᠢᠭᠡ ᠵᠢᠯ ᠢᠶᠠᠷ ᠥᠷᠭᠦᠯᠵᠢᠯᠡᠨ ᠬᠢᠵᠦ᠂ ᠠᠷᠠᠳ ᠤᠨ ᠠᠮᠢᠳᠤᠷᠠᠯ ᠤᠨ ᠦᠢᠯᠡᠰ ᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠬᠡᠷᠡᠭᠲᠡᠢ︾ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号