ᠰᠢᠩ ᠬᠤᠸᠠ ᠵᠡᠭᠡᠯᠢ ᠭᠤᠳᠤᠮᠵᠢ ︽ᠭᠠᠯ ᠤᠨᠲᠠᠷᠠᠭᠠᠬᠤ ᠶᠢ ᠠᠩᠬᠠᠡᠴᠤ ᠠᠮᠢ ᠨᠠᠰᠤ ᠶᠢ ᠳᠡᠭᠡᠳᠦᠯᠡᠬᠦ︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/20
    ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠠᠪᠤᠷᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠨᠳᠦ ᠶᠡᠭᠡ ᠭᠠᠯ ᠲᠦᠢᠮᠡᠷ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠠᠮᠤᠷ ᠠᠮᠤᠭᠤᠯᠠᠩ᠂ ᠡᠶ᠎ᠡ ᠵᠣᠬᠢᠴᠠᠩᠭᠤᠶ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠬᠢᠨ ︽ᠭᠠᠯ ᠤᠨᠲᠠᠷᠠᠭᠠᠬᠤ ᠶᠢ ᠠᠩᠬᠠᠷᠴᠤ ᠠᠮᠢ ᠨᠠᠰᠤ ᠶᠢ ᠳᠡᠭᠡᠳᠦᠯᠡᠬᠦ︾ ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃    ᠠᠵᠢᠯᠯᠠᠭᠠᠨ ᠤ ᠳᠤᠮᠳᠠ ᠨᠡᠶᠢᠭᠡᠮ ᠲᠣᠭᠤᠷᠢᠭ ᠤᠨ ᠲᠣᠤᠷᠴᠢᠯᠠᠭᠴᠢ᠂ ᠰᠠᠶᠢᠨ ᠳᠤᠷ᠎ᠠ ᠶᠢᠨ ᠠᠵᠢᠯᠯᠠᠭᠰᠠᠳ ᠢ ᠲᠣᠤᠷᠴᠢᠯᠠᠯ ᠤᠨ ᠶᠣᠰᠣᠭᠠᠷ ᠬᠤᠪᠢᠶᠠᠷᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠰᠠᠷ᠎ᠠ ᠶᠢᠨ ᠵᠠᠷᠯᠠᠯ ᠨᠠᠭᠠᠬᠤ ᠂ ᠶᠠᠪᠠᠭᠠᠨ ᠬᠥᠮᠦᠨ᠂ ᠰᠠᠭᠤᠭᠠᠯᠢ ᠠᠷᠠᠳ ᠲᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠭᠠᠯ ᠤᠨ ᠠᠶᠤᠯ ᠤᠨ ᠬᠥᠨᠥᠭᠡᠯᠲᠦ ᠴᠢᠨᠠᠷ ᠢ ᠲᠠᠶᠢᠯᠪᠤᠷᠢᠯᠠᠬᠤ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠡᠮᠡᠭᠳᠡᠬᠦᠯᠵᠡᠢ᠃ ᠰᠦᠯᠵᠢᠶᠡᠨ ᠤ ᠠᠵᠢᠯᠲᠠᠨ᠂ ᠰᠠᠶᠢᠨ ᠳᠤᠷᠠᠴᠤᠳ ᠰᠠᠭᠤᠭᠠᠯᠢ ᠠᠷᠠᠳ ᠤᠨ ᠰᠡᠳᠬᠢᠯ ᠤᠨ ᠳᠠᠭᠤᠨ ᠢ ᠰᠣᠨᠣᠰᠴᠤ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠥᠷᠭᠡᠨ ᠣᠯᠠᠨ ᠰᠠᠭᠤᠭᠠᠯᠢ ᠠᠷᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠢᠯᠡᠭᠦᠬᠡᠨ ᠠᠩᠬᠠᠷᠤᠨ ᠣᠶᠢᠯᠠᠭᠠᠵᠤ᠂ ᠡᠯ᠎ᠡ ᠵᠦᠢᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠥᠬᠦᠭᠡᠷᠦᠮᠵᠢ ᠶᠢᠨ ᠦᠨᠳᠦᠰᠦᠨ ᠬᠡᠷᠡᠭᠯᠡᠬᠦ ᠠᠵᠢᠯᠯᠠᠬᠤ ᠠᠷᠭ᠎ᠠ ᠶᠢ ᠮᠡᠳᠡᠵᠦ᠂ ᠭᠡᠨᠡᠳᠲᠡ ᠶᠢᠨ ᠬᠡᠷᠡᠭᠴᠡᠭᠡ ᠳᠤ ᠪᠡᠯᠡᠳᠬᠡᠬᠦ ᠶᠢᠨ ᠬᠠᠮᠲᠤ ᠭᠠᠯ ᠤᠨᠲᠠᠷᠠᠭᠠᠬᠤ ᠠᠶᠤᠯᠭᠦᠶ ᠶᠢᠨ ᠡ᠊ᠨᠳᠡᠯ ᠭᠠᠷᠬᠤ ᠶᠢ ᠨᠡᠩ ᠴᠤ ᠦᠨᠳᠦᠰᠦ ᠰᠤᠷᠪᠤᠯᠵᠢ ᠠᠴᠠ ᠨᠢ ᠬᠤᠷᠢᠭᠯᠠᠨ ᠵᠣᠭᠰᠣᠭᠠᠬᠤ ᠬᠡᠷᠡᠭᠲᠡᠶ᠃    ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠳᠣᠲᠣᠷᠠᠬᠢ ᠰᠠᠭᠤᠭᠠᠯᠢ ᠠᠷᠠᠳ ᠣᠯᠠᠨ ᠢ ᠪᠦᠲᠦᠮᠵᠢᠲᠡᠶ ᠬᠥᠲᠥᠯᠥᠨ ᠵᠢᠯᠣᠭᠤᠳᠴᠤ ᠭᠠᠯ ᠤᠨᠲᠠᠷᠠᠭᠠᠬᠤ᠂ ᠭᠠᠯ ᠤᠨᠲᠠᠷᠠᠭᠠᠬᠤ ᠶᠢ ᠰᠤᠷᠤᠯᠴᠠᠬᠤ᠂ ᠭᠠᠯ ᠤᠨᠲᠠᠷᠠᠭᠠᠬᠤ ᠳᠤ ᠣᠷᠣᠯᠴᠠᠭᠤᠯᠬᠤ ᠰᠠᠭᠤᠭᠠᠯᠢ ᠠᠷᠠᠳ ᠣᠯᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠠᠮᠢ ᠵᠢᠭᠤᠲᠠᠬᠤ ᠴᠢᠳᠠᠪᠤᠷᠢ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠶ᠃ ᠨᠡᠶᠢᠭᠡᠮ ᠲᠣᠭᠤᠷᠢᠭ ᠤᠨ ᠠᠮᠤᠷ ᠲᠦᠪᠰᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号