︵84 ᠳ᠋ᠦ᠋ᠭᠡᠷ ᠲᠣᠭᠠᠲᠤ︶ ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2020/11/23
    11 ᠰᠠᠷ᠎ᠠ ᠶᠢᠨ 21 ᠤ ᠡᠳᠦᠷ ᠤᠨ ᠦᠳᠡ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠰᠢᠨ᠎ᠡ ᠪᠠᠷ ᠨᠡᠮᠡᠭᠳᠡᠭᠰᠡᠨ ᠲᠣᠰ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠭᠰᠠᠨ ᠡᠪᠡᠳᠴᠢᠨ ᠤ ᠵᠢᠱᠢᠶ᠎ᠡ 2 ᠪᠠᠶᠢᠵᠤ᠂ ᠴᠥᠮ ᠬᠥᠯᠥᠨ ᠪᠤᠶᠢᠷ ᠤᠨ ᠮᠠᠨᠵᠤᠤᠷ ᠬᠤᠲᠠ ᠶᠢᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠤᠨ᠎ᠠ᠃ ᠣᠳᠣᠬᠠᠨ ᠤ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠢ ᠦᠨᠳᠦᠰᠦᠯᠡᠨ᠂ ᠡᠳᠦᠭᠡ ᠥᠷᠭᠡᠨ ᠣᠯᠠᠨ ᠬᠤᠲᠠ ᠶᠢᠨ ᠠᠷᠠᠳ ᠲᠤ ᠳᠣᠤᠷᠠᠬᠢ ᠮᠡᠲᠦ ᠬᠢᠵᠢᠭ ᠢ ᠰᠡᠷᠭᠡᠶᠢᠯᠡᠨ ᠬᠢᠵᠠᠭᠠᠷᠯᠠᠬᠤ ᠱᠠᠭᠠᠷᠳᠠᠯᠭ᠎ᠠ ᠳᠤᠷᠠᠳᠤᠶ᠎ᠠ᠄     ᠨᠢᠭᠡ᠂ 11 ᠰᠠᠷ᠎ᠠ ᠶᠢᠨ 7 ᠤ ᠡᠳᠦᠷ ᠠᠴᠠ ᠨᠠᠰᠢ᠂ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠰᠠᠶᠢᠨ ᠳᠤᠷ᠎ᠠ ᠠᠴᠠ ᠪᠠᠨ ᠪᠠᠶᠢᠭ᠎ᠠ ᠲᠣᠰᠬᠤᠨ ᠤ ᠪᠠᠨ ︵ᠰᠠᠭᠤᠭᠠᠯᠢ ᠠᠷᠠᠳ ᠤᠨ︶ ᠵᠥᠪᠯᠡᠯ ᠳᠤ ᠳᠠᠩᠰᠠᠯᠠᠭᠤᠯᠵᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠬᠥᠮᠦᠨ ᠪᠦᠬᠦᠨ᠂ ᠪᠡᠶ᠎ᠡ ᠶᠢᠨ ᠳᠤᠯᠠᠭᠠᠨ ᠨᠢ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ︔ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠭᠡᠷᠡᠴᠢᠯᠡᠵᠦ ᠳᠡᠶᠢᠯᠬᠦ ᠦᠭᠡᠢ ᠪᠣᠯ ᠬᠠᠮᠤᠭ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠭᠠᠷᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ᠂ ᠬᠠᠮᠢᠶ᠎ᠠ ᠪᠦᠬᠦᠢ ᠵᠠᠷᠤᠳᠠᠯ ᠢ ᠥᠪᠡᠷ ᠢᠶᠠᠨ ᠰᠢᠢᠳᠪᠦᠷᠢᠯᠡᠨ᠎ᠡ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠯᠵᠤ ᠮᠡᠳᠡᠪᠡᠯ᠂ ᠳᠠᠷᠤᠶ ᠲᠦᠷᠭᠡᠨ ᠱᠠᠭᠠᠷᠳᠠᠯᠭ᠎ᠠ ᠶᠣᠰᠣᠭᠠᠷ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠲᠡᠭᠡᠭᠡᠪᠦᠷᠢᠯᠡᠵᠦ ᠲᠤᠰᠠᠭᠠᠷᠯᠠᠨ ᠡᠮᠨᠡᠨ ᠵᠠᠰᠠᠭᠤᠯᠵᠤ᠂ ᠡᠪᠡᠳᠴᠢᠨ ᠡᠮᠭᠡᠭ ᠢ ᠬᠢᠵᠠᠭᠠᠷᠯᠠᠬᠤ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃     ᠬᠤᠶᠠᠷ᠂ 11 ᠰᠠᠷ᠎ᠠ ᠶᠢᠨ 7 ᠤ ᠡᠳᠦᠷ ᠠᠴᠠ ᠰᠡᠭᠦᠯᠡᠷ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠬᠠᠷᠢᠯᠴᠠᠵᠤ ᠥᠩᠭᠡᠷᠡᠭᠰᠡᠨ ᠮᠠᠨ ᠤ ᠬᠤᠲᠠ ᠶᠢᠨ ᠬᠥᠮᠦᠰ ᠲᠡᠷᠡ ᠳᠠᠷᠤᠶ ᠳᠤᠨᠢ ᠪᠠᠶᠢᠭ᠎ᠠ ᠭᠠᠴᠠᠭᠠᠨ ᠤ ︵ᠰᠠᠭᠤᠭᠠᠯᠢ ᠠᠷᠠᠳ ᠤᠨ︶ ᠺᠣᠮᠢᠰ ᠪᠤᠶᠤ ᠨᠢᠭᠡᠴᠡ ᠳᠤ ᠳᠠᠩᠰᠠᠯᠠᠭᠤᠯᠤᠨ ᠮᠡᠳᠡᠭᠦᠯᠦᠨ ᠬᠦᠷᠭᠡᠵᠦ᠂ ᠵᠢᠱᠢᠶᠡᠯᠡᠪᠡᠯ ᠬᠠᠯᠠᠭᠤᠷᠠᠬᠤ᠂ ᠬᠠᠨᠢᠶᠠᠯᠭᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠢᠯᠡᠷᠡᠪᠡᠯ ᠨᠢᠭᠡ ᠯᠡ ᠤᠳᠠᠭ᠎ᠠ ᠶᠢᠨ ᠴᠢᠨᠠᠷᠲᠠᠶ ᠡᠮᠨᠡᠯᠭᠡ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠵᠡᠭᠦᠨ᠂ ᠣᠶᠢᠷ᠎ᠠ ᠬᠠᠪᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠲᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠡᠷᠪᠡ ᠬᠦᠨᠳᠦ ᠨᠣᠴᠢᠲᠠᠶ ᠡᠪᠡᠳᠴᠢᠨ ᠤ ᠢᠯᠡᠷᠡᠯ ᠭᠠᠷᠪᠠᠯ ᠳᠠᠷᠤᠶ ᠲᠦᠷᠭᠡᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃     ᠭᠤᠷᠪᠠ᠂ ᠡᠯ᠎ᠡ ᠰᠢᠶᠠᠩ ᠪᠠᠯᠭᠠᠰᠤ᠂ ᠲᠣᠰᠬᠤᠨ ᠤ ᠰᠠᠭᠤᠭᠠᠯᠢ ᠠᠷᠠᠳ ᠤᠨ ᠵᠥᠪᠯᠡᠯ ᠪᠣᠯᠤᠨ ᠡᠯ᠎ᠡ ᠪᠠᠶᠢᠭᠤᠯᠤᠯᠭ᠎ᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠦᠨ᠎ᠡ᠃ 11 ᠰᠠᠷ᠎ᠠ ᠶᠢᠨ 7 ᠤ ᠡᠳᠦᠷ ᠠᠴᠠ ᠨᠠᠰᠢ ᠮᠠᠨᠵᠤᠤᠷ ᠬᠤᠲᠠ ᠵᠠᠯᠠᠶᠢᠨᠠᠭᠤᠷ ᠲᠣᠭᠤᠷᠢᠭ ᠠᠴᠠ ᠮᠠᠨ ᠤ ᠬᠤᠲᠠ ᠶᠢᠨ ᠬᠥᠮᠦᠰ ᠢ ᠪᠦᠬᠦ ᠲᠠᠯ᠎ᠠ ᠪᠠᠷ ᠡᠮᠬᠢᠯᠡᠵᠡᠶ᠃ ᠲᠤᠭ᠎ᠠ ᠪᠦᠷᠢᠳᠬᠡᠯ ᠤᠨ ᠬᠦᠰᠦᠨᠦᠭᠲᠦ ᠶᠢ ᠵᠢᠯᠣᠭᠤᠳᠬᠤ ᠭᠠᠵᠠᠷ ᠤᠨ ᠲᠤᠭ᠎ᠠ ᠪᠠᠷᠢᠮᠲᠠ ᠶᠢᠨ ᠳᠤᠭᠤᠶᠢᠯᠠᠩ ︵zltcs@126.comᠬᠦᠷᠬᠡᠨ᠎ᠡ᠃      ᠳᠥᠷᠪᠡ᠂ ᠥᠷᠭᠡᠨ ᠣᠯᠠᠨ ᠬᠤᠲᠠ ᠶᠢᠨ ᠠᠷᠠᠳ ᠥᠪᠡᠷ ᠤᠨ ᠪᠡᠶ᠎ᠡ᠂ ᠭᠡᠷ ᠤᠨ ᠬᠥᠮᠦᠰ ᠪᠠ ᠨᠡᠶᠢᠭᠡᠮ ᠳᠤ ᠬᠠᠷᠢᠭᠤᠴᠠᠬᠤ ᠣᠪᠣᠷ ᠢᠶᠠᠷ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠎ᠠ᠃ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ︵ᠣᠨᠴᠠᠭᠠᠶᠢᠯᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠪᠠ ᠣᠯᠠᠨ ᠨᠡᠶᠢᠲᠡ ᠶᠢᠨ ᠲᠠᠯᠠᠪᠤᠷ ᠲᠤ ᠬᠥᠳᠡᠯᠭᠡᠭᠡᠨ ᠬᠢᠬᠦ ᠦᠶ᠎ᠡ ᠳᠤ︶᠂ ᠬᠥᠮᠦᠨ ᠤ ᠴᠤᠭᠯᠠᠷᠠᠯ ᠢ ᠪᠠᠭᠠᠰᠬᠠᠨ᠎ᠠ᠃ ᠭᠠᠷ ᠢᠶᠠᠨ ᠦᠷᠭᠦᠯᠵᠢ ᠤᠬᠢᠶᠠᠵᠤ ᠰᠠᠯᠬᠢ ᠨᠡᠪᠳᠡᠷᠡᠬᠦᠯᠵᠦ᠂ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠶᠢ ᠠᠩᠬᠠᠷᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠂ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠴᠢᠬᠤᠯᠠ ᠦᠭᠡᠶ ᠪᠠᠶᠢᠬᠤ ᠬᠡᠷᠡᠭᠲᠡᠶ᠃     ᠣᠳᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠵᠢᠴᠢ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠢᠵᠢᠭ ᠤᠨ ᠪᠠᠶᠢᠳᠠᠯ ᠤᠨ ᠵᠢᠵᠢᠭᠦᠷᠯᠡᠬᠦ ᠤᠲᠠᠰᠤ ᠶᠢ ᠳᠣᠤᠷᠠᠬᠢ ᠮᠡᠲᠦ ᠨᠡᠶᠢᠲᠡᠯᠡᠶ᠎ᠡ᠄    1 . ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ 0470 - 3219017᠂ 0470 - 3202179
 
   2 . ᠾᠧ ᠰᠢ ᠵᠡᠭᠡᠯᠢ ᠭᠤᠳᠤᠮᠵᠢ 15849072345
   
   3 . ᠰᠢᠩ ᠬᠤᠸᠠ ᠵᠡᠭᠡᠯᠢ ᠭᠤᠳᠤᠮᠵᠢ 15404702555
   
   4 . ᠲᠢᠶᠧ ᠳ᠋ᠦᠩ ᠵᠡᠭᠡᠯᠢ ᠭᠤᠳᠤᠮᠵᠢ 15540089557
   
   5 . ᠵᠧᠩ ᠶᠠᠩ ᠵᠡᠭᠡᠯᠢ ᠭᠤᠳᠤᠮᠵᠢ 13354701933 13848906958
 
   6 . ᠹᠠᠨ ᠷᠥᠩ ᠵᠡᠭᠡᠯᠢ ᠭᠤᠳᠤᠮᠵᠢ 13734707917
   
   7 . ᠰᠢᠶᠠᠩ ᠶᠠᠩ ᠵᠡᠭᠡᠯᠢ ᠭᠤᠳᠤᠮᠵᠢ 18604815719 3302754
   
   8 . ᠭᠤᠤ ᠲᠠᠢ ᠽᠢ ᠵᠡᠭᠡᠯᠢ ᠭᠤᠳᠤᠮᠵᠢ 13948907999 3353944
   
   9 . ᠬᠤᠤ ᠷᠤᠤ ᠱᠠᠨ ᠪᠠᠯᠭᠠᠰᠤ 1514858809
 
   10 . ᠮᠥᠬᠦᠴᠢ ᠪᠠᠯᠭᠠᠰᠤ᠂ 15148406611
   
   11 ᠸᠧ ᠨᠢᠤ ᠾᠧ ᠪᠠᠯᠭᠠᠰᠤ 13624700310
   
   12. ᠴᠢᠩᠭᠢᠰ ᠬᠠᠭᠠᠨ ᠪᠠᠯᠭᠠᠰᠤ 17647018880
   
   13. ᠳ᠋ᠠ ᠾᠧ ᠸᠠᠨ ᠪᠠᠯᠭᠠᠰᠤ 3718136 15647097633
   
   14. ᠴᠠᠢ ᠾᠧ ᠪᠠᠯᠭᠠᠰᠤ 3868403
   
   15. ᠵᠦᠩ ᠾᠧ ᠪᠠᠯᠭᠠᠰᠤ 3676604 18845591573
   
   16. ᠬᠠᠳᠤ ᠭᠤᠤᠯ ᠪᠠᠯᠭᠠᠰᠤ 18947048111
   
   17. ᠸᠠ ᠳ᠋ᠢ ᠰᠢᠶᠠᠩ 18647007017
   
   18. ᠳᠠᠭᠤᠷ ᠦᠨᠳᠦᠰᠦᠲᠡᠨ ᠤ ᠰᠢᠶᠠᠩ 3791118 13847061008
   
   19. ᠨᠠᠮᠤ ᠣᠷᠴᠣᠨ ᠦᠨᠳᠦᠰᠦᠲᠡᠨ ᠤ ᠰᠢᠶᠠᠩ 13474948688
   
    20. ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ 15847039333
   
                ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ ᠦᠷᠪᠢᠰᠦᠯ                   ᠬᠠᠯᠳᠠᠪᠤᠷᠢᠯᠠᠨ ᠰᠡᠷᠭᠡᠶᠢᠯᠡᠨ ᠡᠵᠡᠮᠳᠡᠬᠦ ᠠᠵᠢᠯ ᠶᠢᠨ ᠵᠢᠯᠣᠭᠤᠳᠬᠤ ᠭᠠᠵᠠᠷ
 
                     2020 ᠣᠨ ᠤ 11 ᠰᠠᠷ᠎ᠠ ᠶᠢᠨ 21 ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号