ᠴᠠᠢ ᠾᠧ ᠪᠠᠯᠭᠠᠰᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2020/11/23
    ᠬᠥᠳᠡᠭᠡ ᠲᠣᠰᠬᠤᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ ᠪᠣᠯ ᠰᠠᠭᠤᠭᠠᠯᠢ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠠᠰᠢᠭ ᠬᠦᠷᠲᠡᠭᠡᠬᠦ‍ ᠨᠢᠭᠡ ᠵᠦᠢᠯ ᠤᠨ ᠢᠨᠵᠧᠨᠧᠷᠢᠩ ᠪᠣᠯᠤᠨ᠎ᠠ᠃ ᠤᠶᠢᠷ᠎ᠠ ᠤᠨ ᠵᠢᠯ ᠤᠨ ᠲᠤᠷᠰᠢ᠂ ᠴᠠᠢ ᠾᠧ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠲᠤᠭᠤᠰᠢᠯᠠᠭᠤᠯᠵᠠᠶ᠃ ᠡᠯ᠎ᠡ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠢᠳᠡᠪᠬᠢᠲᠡᠢ ᠪᠠᠳᠠᠷᠠᠭᠤᠯᠵᠤ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠦᠨᠡᠨᠬᠦ ᠨᠠᠢᠳᠠᠪᠤᠷᠢᠵᠢᠭᠤᠯᠬᠤ᠂ ᠠᠵᠢᠯ ᠤᠨ ᠳᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠲᠤ ᠠᠰᠢᠭ ᠬᠦᠷᠲᠡᠭᠡᠬᠦ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠵᠦ᠂ ᠰᠠᠶᠢᠨ ᠶᠠᠪᠤᠳᠠᠯ ᠢ ᠰᠠᠶᠢᠲᠤᠷ ᠬᠢᠵᠦ᠂ ᠡᠷᠦᠬᠡ ᠪᠦᠬᠦᠨ ᠢ ᠬᠠᠨᠤᠮᠵᠢᠲᠠᠢ ᠪᠠᠶᠢᠯᠭᠠᠬᠤ ᠶᠢ ᠦᠨᠡᠨᠬᠦ ᠪᠡᠶᠡᠯᠡᠭᠦᠯᠦᠨ᠎ᠡ᠃     ᠨᠢᠭᠡ ᠳᠤ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ ᠂ ᠨᠡᠶᠢᠯᠡᠮᠡᠯ ᠬᠦᠴᠦᠨ ᠢ ᠪᠥᠷᠢᠯᠳᠦᠬᠦᠯᠵᠦ᠂ ᠬᠤᠲᠠ ᠶᠢᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠡᠳ᠋ ᠤᠨ ᠵᠠᠰᠠᠭ᠂ ᠶᠠᠳᠠᠭᠤ ᠶᠢ ᠲᠡᠳᠬᠦᠬᠦ᠂ ᠵᠡᠮᠳᠡᠭᠴᠦᠳ ᠤᠨ ᠬᠤᠯᠪᠣᠭ᠎ᠠ᠂ ᠠᠷᠠᠳ ᠤᠨ ᠶᠠᠪᠤᠳᠠᠯ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠨᠠᠨ ᠵᠥᠪᠰᠢᠶᠡᠷᠡᠬᠦ᠂ ᠡᠭᠦᠷᠭᠡ ᠶᠢ ᠨᠠᠶᠢᠳᠠᠪᠤᠷᠢᠵᠢᠭᠤᠯᠬᠤ᠂ ᠪᠡᠯᠡ ᠮᠥᠩᠭᠦ ᠭᠠᠷᠭᠠᠨ ᠥᠭᠬᠦ᠂ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠰᠢᠯᠭᠠᠨ ᠠᠪᠬᠤ ᠶᠢ ᠳᠠᠩᠰᠠᠯᠠᠬᠤ ᠶᠢ ᠬᠠᠷᠢᠭᠤᠴᠠᠨ᠎ᠠ᠃ ᠪᠠᠯᠭᠠᠰᠤᠨ ᠠᠴᠠ ᠳ᠋ᠦᠢ ᠰᠢᠶᠠᠩ ᠢ ᠬᠢᠨᠠᠨ ᠬᠠᠷᠭᠤᠭᠤᠯᠬᠤ᠂ ᠡᠭᠦᠷᠭᠡ ᠶᠢ ᠬᠡᠷᠡᠭᠵᠢᠭᠦᠯᠬᠦ᠂ ᠲᠣᠭᠤᠷᠢᠨ ᠪᠠᠶᠢᠴᠠᠭᠠᠵᠤ ᠵᠢᠯᠣᠭᠤᠳᠬᠤ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ ᠶᠢ ᠬᠠᠷᠢᠭᠤᠴᠠᠵᠤ᠂ ᠨᠡᠶᠢᠭᠡᠮ ᠲᠣᠭᠤᠷᠢᠭ ᠠᠴᠠ ᠳ᠋ᠦᠢ ᠰᠢᠶᠠᠩ ᠢ ᠦᠨᠡᠯᠡᠨ ᠶᠠᠷᠢᠯᠴᠠᠬᠤ᠂ ᠳ᠋ᠦᠢ ᠰᠢᠶᠠᠩ ᠢ ᠬᠠᠮᠢᠶᠠᠷᠬᠤ᠂ ᠡᠭᠦᠷᠭᠡ ᠶᠢ ᠭᠤᠶᠤᠴᠢᠯᠠᠨ ᠮᠡᠳᠡᠭᠦᠯᠬᠦ᠂ ᠳᠠᠮᠵᠢᠵᠤ ᠬᠠᠮᠵᠢᠯᠴᠠᠬᠤ ᠶᠢ ᠬᠠᠷᠢᠭᠤᠴᠠᠬᠤ ᠬᠡᠷᠡᠭᠲᠡᠶ᠃ ᠡᠭᠦᠨ ᠤ ᠬᠠᠮᠲᠤ ᠠᠵᠢᠯ ᠤᠨ ᠳᠤᠭᠤᠶᠢᠯᠠᠩ ᠪᠠᠶᠢᠭᠤᠯᠵᠤ ᠵᠣᠬᠢᠴᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠢᠭᠡ ᠱᠠᠳᠤ ᠨᠢ ᠨᠢᠭᠡ ᠱᠠᠳᠤ ᠪᠠᠨ ᠠᠳᠬᠤᠬᠤ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃     ᠬᠤᠶᠠᠷ ᠲᠤ ᠴᠢᠩᠭ᠎ᠠ ᠬᠢᠨᠠᠨ ᠪᠠᠶᠢᠴᠠᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠯᠥᠪᠯᠡᠭᠡ ᠶᠢᠨ ᠬᠦᠢᠴᠡᠳᠬᠡᠯ ᠲᠤᠭ᠎ᠠ ᠪᠠ ᠪᠡᠶ᠎ᠡ ᠶᠢᠨ ᠭᠠᠷᠤᠯ ᠢ ᠨᠤᠲᠠᠯᠠᠬᠤ ᠳᠡᠭᠡᠷ᠎ᠡ᠂ ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠵᠠᠷᠴᠢᠮ ᠢ ᠴᠢᠬᠤᠯᠠᠴᠢᠯᠠᠨ ᠪᠠᠷᠢᠮᠲᠠᠯᠠᠵᠤ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠳᠤ ᠠᠰᠢᠭᠲᠠᠢ ︽ᠵᠣᠭᠤᠰ ᠳᠤᠲᠠᠭᠤ ᠵᠠᠷᠤᠵᠤ᠂ ᠬᠡᠷᠡᠭ ᠦᠭᠡᠢ ᠠᠵᠢᠯ ᠢ ᠳᠤᠲᠠᠭᠤ ᠬᠢᠬᠦ︾ ᠱᠠᠭᠠᠷᠳᠠᠯᠭ᠎ᠠ ᠶᠣᠰᠣᠭᠠᠷ᠂ ᠠᠩᠬ᠎ᠠ ᠰᠣᠩᠭᠤᠭᠰᠠᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠡᠷᠦᠬᠡ ᠶᠢ ᠡᠷᠦᠬᠡ ᠳᠠᠷᠠᠭᠠᠯᠠᠨ ᠡᠷᠦᠬᠡ ᠳᠠᠷᠠᠭᠠᠯᠠᠨ ᠰᠢᠭᠰᠢᠨ ᠪᠠᠶᠢᠴᠠᠭᠠᠵᠤ ᠬᠢᠨᠠᠨ ᠬᠠᠷᠭᠤᠭᠤᠯᠬᠤ ᠬᠡᠷᠡᠭᠲᠡᠶ᠃     ᠭᠤᠷᠪᠠ ᠳᠤ᠂ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠬᠢᠨᠠᠨ ᠪᠤᠳᠤᠯᠲᠠ ᠶᠢ ᠴᠢᠩᠭᠠᠳᠬᠠᠵᠤ᠂ ᠶᠠᠰᠤ ᠴᠢᠨᠠᠷ ᠢ ᠪᠠᠲᠤᠯᠠᠨ᠎ᠠ᠃ ᠰᠠᠭᠤᠭᠠᠯᠢ ᠠᠷᠠᠳ ᠤᠨ ᠰᠠᠶᠢᠨ ᠳᠤᠷ᠎ᠠ ᠠᠴᠠ ᠪᠠᠨ ᠭᠤᠶᠤᠴᠢᠯᠠᠬᠤ ᠪᠠ ︽ᠭᠤᠷᠪᠠᠨ ᠱᠠᠲᠤᠨ ᠳᠤ ᠢᠯᠡ ᠪᠠᠷ ᠨᠡᠶᠢᠲᠡᠯᠡᠵᠦ ᠬᠢᠨᠠᠨ ᠵᠥᠪᠰᠢᠶᠡᠷᠡᠬᠦ︾ ᠳᠦᠷᠢᠮ ᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠠᠶᠤᠯ ᠲᠦᠭᠰᠢᠭᠦᠷᠢ ᠶᠢᠨ ᠥᠭᠡᠷᠡᠴᠢᠯᠡᠯᠲᠡ ᠶᠢᠨ ᠲᠤᠰᠬᠠᠶ ᠵᠦᠢᠯ ᠤᠨ ᠬᠢᠨᠠᠨ ᠪᠣᠳᠣᠯᠲᠠ᠂ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠲᠤᠰᠬᠠᠶ ᠵᠦᠢᠯ ᠢᠶᠠᠷ ᠪᠠᠶᠢᠴᠠᠭᠠᠬᠤ᠂ ︽ᠭᠠᠯᠠᠭᠤ ᠶᠢᠨ ᠥᠩᠭᠡᠷᠡᠬᠦ ᠠᠴᠠ ᠦᠰᠦ ᠶᠢ ᠰᠠᠯᠭᠠᠨ ᠥᠭᠬᠦ︾ ᠲᠤᠰᠬᠠᠶ ᠵᠦᠢᠯ ᠢᠶᠠᠷ ᠵᠠᠰᠠᠬᠤ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠬᠢᠨᠠᠨ ᠬᠠᠷᠭᠤᠭᠤᠯᠬᠤ ᠪᠠ ᠦᠨᠡᠯᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠬᠡᠷᠡᠭᠲᠡᠶ᠃ ᠮᠡᠳᠡᠭᠡ ᠵᠠᠩᠭᠢ ᠣᠷᠣᠭᠤᠯᠬᠤ ᠬᠢᠨᠠᠨ ᠪᠠᠶᠢᠴᠠᠭᠠᠯᠲᠠ ᠶᠢ ᠴᠢᠩᠳᠠᠯᠠᠵᠤ᠂ ᠡᠷᠦᠬᠡ ᠶᠢᠨ ᠡᠵᠡᠨ ᠢᠶᠠᠷ ᠴᠣᠷ ᠤᠨ ᠭᠠᠭᠴᠠ ᠪᠡᠶ᠎ᠡ ᠬᠡᠮ ᠢᠶᠠᠨ ᠪᠣᠯᠭᠠᠵᠤ ᠨᠢᠭᠡᠳᠦᠯᠲᠡᠶ ᠰᠢᠰᠲ᠋ᠧᠮ ᠣᠷᠣᠭᠤᠯᠵᠤ᠂ ᠲᠤᠰᠠᠯᠠᠮᠵᠢ ᠬᠦᠷᠲᠡᠬᠦ ᠡᠲᠡᠭᠡᠳ ᠢ ᠲᠣᠭᠲᠠᠭᠠᠬᠤ ᠠᠴᠠ ᠡᠮᠦᠨ᠎ᠡ᠂ ᠲᠡᠭᠦᠨ ᠤ ᠣᠷᠣᠨ ᠰᠠᠭᠤᠴᠠ᠂ ᠲᠡᠷᠭᠡ ᠬᠥᠰᠬᠡ᠂ ᠠᠵᠤ ᠦᠢᠯᠡᠳᠪᠦᠷᠢ ᠬᠤᠳᠠᠯᠳᠤᠭᠠᠨ ᠤ ᠳᠡᠩᠰᠡᠯᠡᠯᠲᠡ ᠵᠡᠷᠭᠡ ᠪᠠᠶᠢᠳᠠᠯ ᠢ ᠬᠢᠨᠠᠨ ᠬᠠᠷᠭᠤᠭᠤᠯᠵᠤ᠂ ᠲᠦᠢᠯ ᠤᠨ ᠣᠨᠣᠪᠴᠢᠲᠠᠶ ᠪᠠᠷ ᠲᠦᠭᠰᠢᠭᠦᠷᠢ ᠶᠢᠨ ᠥᠭᠡᠷᠡᠴᠢᠯᠡᠯᠲᠡ ᠬᠢᠬᠦ ᠶᠢ ᠦᠨᠡᠨ ᠬᠦ ᠪᠡᠶᠡᠯᠡᠭᠦᠯᠦᠨ᠎ᠡ᠃ ᠠᠶᠤᠯ ᠲᠦᠭᠰᠢᠭᠦᠷᠢ ᠶᠢᠨ ᠥᠭᠡᠷᠡᠴᠢᠯᠡᠯᠲᠡ ᠶᠢᠨ ᠠᠵᠢᠯ ᠳᠤ ᠪᠥᠬᠦ ᠶᠠᠪᠤᠴᠠ ᠶᠢ ᠮᠥᠷᠳᠡᠨ ᠰᠢᠮᠳᠠᠭᠤᠯᠤᠨ ᠵᠢᠯᠣᠭᠤᠳᠬᠤ ᠶᠢ ᠬᠡᠷᠡᠭᠵᠢᠭᠦᠯᠵᠦ᠂ ᠪᠥᠬᠦ ᠲᠠᠯ᠎ᠠ ᠪᠠᠷ᠂ ᠪᠥᠬᠦ ᠶᠠᠪᠤᠴᠠ ᠶᠢ ᠬᠢᠨᠠᠨ ᠬᠡᠮᠵᠢᠵᠦ᠂ ᠲᠠᠩᠰᠠ ᠡᠪᠬᠡᠮᠡᠯ ᠪᠠ ᠺᠠᠷᠲ ᠲᠠᠢ ᠶᠠᠳᠠᠭᠤ ᠬᠦᠴᠢᠷᠳᠡᠯᠲᠡᠶ ᠲᠣᠰᠬᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠮᠡᠳᠡᠭᠡ ᠵᠠᠩᠭᠢ ᠶᠢ ᠯᠠᠪᠯᠠᠬᠤ᠂ ᠲᠥᠷᠥᠯ ᠵᠦᠢᠯ ᠢ ᠮᠥᠷᠳᠡᠬᠦ᠂ ᠪᠠᠯᠠ ᠮᠥᠩᠭᠦ ᠶᠢ ᠬᠢᠨᠠᠨ ᠬᠠᠮᠢᠶᠠᠷᠬᠤ᠂ ᠰᠠᠨᠠᠯ ᠢ ᠲᠤᠰᠬᠠᠬᠤ᠂ ᠢᠯᠡᠴᠢᠯᠡᠨ ᠮᠡᠳᠡᠭᠦᠯᠵᠦ ᠵᠠᠭᠠᠯᠳᠤᠬᠤ ᠵᠡᠷᠭᠡ ᠴᠠᠭ ᠲᠤᠬᠠᠶ ᠳᠤᠨᠢ ᠬᠢᠨᠠᠨ ᠰᠢᠯᠭᠠᠵᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ᠎ᠠ᠃ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠮᠥᠷᠳᠡᠨ ᠬᠢᠨᠠᠨ ᠪᠣᠳᠣᠬᠤ ᠳᠤ ᠣᠷᠣᠭᠤᠯᠵᠤ᠂ ᠣᠷᠣᠰᠢᠵᠤ ᠪᠠᠶᠢᠭ᠎ᠠ ᠡᠯ᠎ᠡ  ᠵᠦᠢᠯ ᠤᠨ ᠠᠰᠠᠭᠤᠳᠠᠯ ᠢ ᠴᠠᠭ ᠲᠤᠬᠠᠶ ᠳᠤᠨᠢ ᠣᠯᠵᠤ ᠮᠡᠳᠡᠵᠦ᠂ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃     ᠳᠠᠷᠠᠭ᠎ᠠ ᠠᠯᠬᠤᠮ ᠳᠤ᠂ ᠴᠠᠢ ᠾᠧ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠦᠷᠭᠦᠯᠵᠢᠯᠡᠨ ᠥᠨᠳᠥᠷ ᠪᠠᠷᠢᠮᠵᠢᠶ᠎ᠠ ᠪᠠᠷ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠳᠤ ᠪᠠᠲᠤᠯᠠᠭ᠎ᠠ ᠬᠠᠩᠭᠠᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号