ᠭᠤᠤ ᠲᠠᠢ ᠽᠢ ᠵᠡᠭᠡᠯᠢ ᠭᠤᠳᠤᠮᠵᠢ ︽ᠳᠡᠯᠡᠬᠡᠶ ᠶᠢᠨ ᠬᠡᠤᠬᠡᠳ ᠤᠨ ᠡᠳᠦᠷ ᠤᠨ ᠨᠣᠮ ᠪᠢᠴᠢᠭ ᠲᠠᠢ ᠬᠠᠨᠢᠯᠠᠨ ᠦᠰᠦᠨ ᠪᠤᠶᠢᠵᠢᠬᠤ︾ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/11/24
    11 ᠰᠠᠷ᠎ᠠ ᠶᠢᠨ 20 ᠤ ᠡᠳᠦᠷ ᠪᠣᠯ ᠳᠡᠯᠡᠬᠡᠶ ᠶᠢᠨ ᠬᠡᠤᠬᠡᠳ ᠤᠨ ᠡᠳᠦᠷ ᠮᠥᠨ᠂ ᠳᠡᠯᠡᠬᠡᠶ ᠶᠢᠨ ᠬᠡᠤᠬᠡᠳ ᠤᠨ ᠡᠳᠦᠷ ᠤᠨ ᠲᠤᠬᠠᠶ ᠶᠢᠨ ᠡᠳᠦᠷ᠂ ᠭᠤᠤ ᠲᠠᠢ ᠽᠢ ᠵᠡᠭᠡᠯᠢ ᠭᠤᠳᠤᠮᠵᠢ ᠳᠤ ︽ᠳᠡᠯᠡᠬᠡᠶ‌‍ᠶᠢᠨ ᠬᠡᠤᠬᠡᠳ ᠤᠨ ᠡᠳᠦᠷ ᠤᠨ ᠨᠣᠮ ᠪᠢᠴᠢᠭ ᠲᠠᠢ ᠬᠠᠨᠢᠯᠠᠨ ᠦᠰᠦᠨ ᠪᠤᠶᠢᠵᠢᠬᠤ︾ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠥᠷᠨᠢᠭᠦᠯᠪᠡ᠃     ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠬᠠᠷᠢᠶ᠎ᠠ ᠣᠷᠣᠨ ᠤ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ᠂ ᠬᠡᠦᠬᠡᠳ ᠢ ᠳᠠᠭᠠᠭᠤᠯᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠡᠦᠬᠡᠳ ᠤᠨ ᠦᠯᠢᠭᠡᠷ ᠤᠩᠰᠢᠵᠤ᠂ ᠤᠷᠠᠨ ᠪᠢᠴᠢᠯᠭᠡ ᠤᠷᠠᠨ ᠵᠢᠷᠤᠭ ᠲᠤ ᠡᠯᠪᠡᠭ ᠪᠠᠶᠠᠯᠢᠭ ᠥᠯᠢᠭᠡᠷ ᠪᠠ ᠵᠢᠷᠤᠭ ᠬᠠᠪᠴᠢᠭᠤᠯᠵᠤ᠂ ᠬᠡᠤᠬᠡᠳ ᠤᠨ ᠰᠤᠷᠤᠯᠴᠠᠬᠤ ᠤᠷᠮ᠎ᠠ ᠪᠠᠬ᠎ᠠ ᠶᠢ ᠨᠡᠮᠡᠭᠳᠡᠭᠦᠯᠵᠦ᠂ ᠬᠡᠤᠬᠡᠳ ᠤᠨ ᠤᠩᠰᠢᠬᠤ ᠴᠢᠳᠠᠪᠤᠷᠢ ᠶᠢ ᠳᠡᠭᠡᠭᠰᠢᠯᠡᠭᠦᠯᠵᠦ᠂ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠬᠡᠤᠬᠡᠳ ᠲᠤ ᠮᠡᠳᠡᠯᠭᠡ ᠶᠢ ᠨᠠᠩ ᠠᠮᠠᠷᠬᠠᠨ ᠬᠦᠷᠲᠡᠭᠡᠨ᠎ᠡ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠬᠡᠤᠬᠡᠳ ᠲᠤ ︽ᠳᠡᠯᠡᠬᠡᠶ ᠶᠢᠨ ᠬᠡᠤᠬᠡᠳ ᠤᠨ ᠡᠳᠦᠷ︾ ᠤᠨ ᠴᠢᠬᠤᠯᠠ ᠠᠴᠢ ᠬᠤᠯᠪᠣᠭᠳᠠᠯ ᠪᠠ ᠢᠷᠡᠯᠲᠡ ᠶᠢ ᠶᠠᠷᠢᠭᠰᠠᠨ ᠪᠠᠶᠢᠨ᠎ᠠ᠃     ᠲᠤᠰ ᠤᠳᠠᠭᠠᠨ ᠤ ᠠᠵᠢᠯᠯᠠᠭ᠎ᠠ ᠨᠢ ᠬᠠᠷᠢᠶᠠᠲᠤ ᠣᠷᠣᠨ ᠤ ᠬᠡᠦᠬᠡᠳ ᠤᠨ ᠦᠰᠦᠨ ᠪᠤᠶᠢᠵᠢᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠡᠤᠬᠡᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠵᠤ᠂ ᠪᠣᠯᠪᠠᠰᠤᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠪᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号