ᠴᠠᠢ ᠾᠧ ᠪᠠᠯᠭᠠᠰᠤ᠄ ᠮᠥᠰᠥ ᠠᠷᠢᠯᠭᠠᠵᠤ ᠴᠠᠰᠤ ᠠᠷᠢᠯᠭᠠᠬᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠬᠢᠵᠦ ᠬᠥᠮᠦᠰ ᠤᠨ ᠰᠡᠳᠬᠢᠯ ᠢ ᠳᠣᠯᠠᠭᠠᠴᠠᠭᠤᠯᠪᠠ
ᠨᠡᠶᠢᠲᠡᠯᠡᠭᠰᠡᠨ ᠴᠠᠭ᠄
2020/11/24
    ᠶᠠᠭ ᠰᠠᠶᠢᠬᠠᠨ ︽ᠪᠠᠭ᠎ᠠ ᠴᠠᠰᠤ︾ ᠶᠢᠨ ᠴᠠᠭ ᠤᠯᠠᠷᠢᠯ ᠢᠶᠠᠷ᠂ ᠴᠠᠢ ᠾᠧ ᠪᠠᠯᠭᠠᠰᠤ 2020 ᠣᠨ ᠤ ᠠᠩᠬᠠᠨ ᠤ ᠶᠡᠭᠡ ᠴᠠᠰᠤ ᠶᠢ ᠤᠭᠲᠤᠨ ᠠᠪᠴᠢᠷᠠᠪᠠ᠃ ᠴᠠᠰᠤᠨ ᠦᠵᠡᠮᠵᠢ ᠵᠢᠵᠢᠭ ᠪᠠᠯᠭᠠᠰᠤ ᠶᠢ ᠴᠢᠮᠡᠭᠯᠡᠭᠰᠡᠨ ᠪᠣᠯᠪᠠᠴᠤ ᠭᠠᠳᠠᠭᠰᠢ ᠭᠠᠷᠬᠤ ᠳᠤ ᠳᠥᠭᠦᠮ ᠦᠭᠡᠢ ᠪᠣᠯᠵᠠᠶ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠶᠠᠪᠤᠵᠤ ᠰᠠᠭᠤᠬᠤ ᠳᠤ ᠳᠥᠭᠦᠮ ᠦᠵᠡᠭᠦᠯᠬᠦ ᠶᠢᠨ ᠲᠥᠯᠥᠭᠡ᠂ ᠦᠷ᠎ᠡ ᠳᠤ ᠴᠠᠢ ᠾᠧ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠬᠡᠨ ᠤ ᠲᠥᠪ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠬᠡ ᠶᠢᠨ ᠲᠠᠪᠴᠠᠩ ᠢᠶᠠᠷ ᠳᠠᠮᠵᠢᠭᠤᠯᠤᠨ ︽ᠮᠥᠰᠥ ᠴᠠᠰᠤ ᠠᠷᠢᠯᠭᠠᠬᠤ ᠠᠵᠢᠯᠯᠠᠭ᠎ᠠ ᠬᠢᠵᠦ᠂ ᠰᠠᠶᠢᠨ ᠳᠤᠷ᠎ᠠ ᠶᠢᠨ ᠦᠢᠯᠡᠴᠢᠯᠡᠭᠡ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠰᠢᠨ᠎ᠡ ᠴᠠᠭ ᠦᠶ᠎ᠡ ᠶᠢᠨ ᠪᠣᠯᠪᠠᠰᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠶᠢ ᠨᠡᠶᠢᠲᠡᠯᠡᠪᠡ᠃     ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠰᠠᠶᠢᠨ ᠳᠤᠷ᠎ᠠ ᠶᠢᠨ ᠠᠵᠢᠯᠯᠠᠭᠰᠠᠳ ᠲᠦᠷᠭᠡᠨ ᠴᠤᠤᠷᠢᠶᠠᠲᠤᠨ ᠳᠠᠭᠠᠵᠤ᠂ 20 ᠨᠡᠷᠡᠰ ᠵᠠᠰᠠᠭ ᠤᠨ ᠣᠷᠳᠣᠨ ᠤ ᠺᠠᠳ᠋ᠷ ᠤᠨ ᠪᠠᠶᠢᠭᠤᠯᠤᠭᠰᠠᠨ ᠴᠠᠰᠤ ᠱᠦᠭᠦᠷᠳᠡᠬᠦ ᠶᠡᠭᠡ ᠠᠩᠭᠢ ᠦᠳᠲᠡᠷ ᠲᠦᠷᠭᠡᠨ ᠴᠤᠭᠯᠠᠷᠠᠵᠤ᠂ ᠡᠷᠭᠢᠨ ᠲᠣᠭᠤᠷᠢᠨ ᠳᠤ ᠴᠠᠰᠤ ᠱᠦᠭᠦᠷᠳᠡᠬᠦ ᠠᠵᠢᠯ ᠥᠷᠨᠢᠭᠦᠯᠵᠡᠶ᠃ ᠠᠭᠤᠷ ᠠᠮᠢᠰᠬᠤᠯ ᠬᠡᠳᠦ᠋ᠢᠪᠡᠷ ᠬᠦᠢᠲᠡᠨ ᠪᠣᠯᠪᠠᠴᠤ ᠣᠯᠠᠨ ᠤ ᠡᠷᠴᠢ ᠵᠣᠷᠢᠭ ᠢ ᠥᠴᠦᠬᠡᠨ ᠴᠦ ᠨᠥᠯᠥᠭᠡᠯᠡᠭᠰᠡᠨ ᠦᠭᠡᠢ᠃ ᠱᠦᠭᠦᠷᠳᠡᠯᠲᠡ ᠶᠢᠨ ᠳᠤᠮᠳᠠ ᠣᠯᠠᠨ ᠤ ᠬᠤᠰᠤᠭᠰᠠᠨ ᠬᠤᠰᠤᠭᠤᠷ᠂ ᠲᠦᠯᠬᠢᠭᠰᠡᠨ ᠠᠵᠢᠯ ᠤᠨ ᠬᠤᠪᠢᠶᠠᠷᠢ ᠨᠢ ᠲᠣᠳᠣᠷᠬᠠᠶ᠂ ᠤᠳᠠᠯ ᠦᠭᠡᠢ ᠬᠤᠷᠠᠭᠰᠠᠨ ᠴᠠᠰᠤ ᠶᠢ ᠴᠠᠪ ᠴᠡᠪᠡᠷᠬᠡᠨ ᠴᠡᠪᠡᠷᠯᠡᠪᠡ᠃ ᠲᠤᠬᠠᠶᠢᠯᠠᠭᠰᠠᠨ ᠠᠵᠢᠯ ᠬᠢᠬᠦ ᠪᠠᠷ ᠢᠷᠡᠭᠰᠡᠨ ᠴᠥᠭᠡᠨ ᠪᠤᠰᠤ ᠰᠠᠭᠤᠭᠠᠯᠢ ᠠᠷᠠᠳ ᠰᠠᠶᠢᠨ ᠳᠤᠷ᠎ᠠ ᠶᠢᠨ ᠠᠵᠢᠯᠯᠠᠭᠰᠠᠳ ᠤᠨ ᠶᠠᠭᠠᠷᠠᠯᠲᠠᠢ ᠪᠠᠷ᠎ᠠ ᠶᠢ ᠮᠠᠭᠲᠠᠨ ᠰᠠᠶᠢᠰᠢᠶᠠᠵᠤ᠂ ᠡᠨᠡ ᠬᠦ ᠴᠠᠰᠤ ᠱᠦᠭᠦᠷᠳᠡᠬᠦ ᠶᠡᠭᠡ ᠴᠡᠷᠢᠭ ᠢ ᠮᠠᠭᠲᠠᠨ ᠰᠠᠶᠢᠰᠢᠶᠠᠪᠠ᠃     ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠰᠠᠭᠤᠭᠠᠯᠢ ᠠᠷᠠᠳ ᠤᠨ ︽ᠠᠮᠤᠷ ᠠᠮᠤᠭᠤᠯᠠᠩ ᠵᠠᠮ︾᠂ ︽ᠬᠠᠯᠠᠭᠤᠨ ᠳᠤᠯᠠᠭᠠᠨ ᠵᠠᠮ︾ ᠢ ᠴᠡᠪᠡᠷᠯᠡᠨ ᠭᠠᠷᠭᠠᠵᠤ ᠥᠭᠭᠦᠭᠰᠡᠨ ᠢᠶᠠᠷ ᠪᠠᠷᠠᠬᠤ ᠦᠭᠡᠢ᠂ ᠺᠠᠳ᠋ᠷᠴᠤᠳ ᠢ ᠠᠷᠠᠳ ᠢᠷᠭᠡᠳ ᠤᠨ ᠠᠮᠤᠷ ᠲᠦᠪᠰᠢᠨ ᠠᠶᠤᠯ ᠲᠦᠭᠰᠢᠭᠦᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠳᠤ ᠦᠢᠯᠡᠴᠢᠯᠡᠵᠦ᠂ ᠬᠠᠶᠢᠷ᠎ᠠ ᠶᠢᠨ ᠦᠢᠯᠡ ᠠᠵᠢᠯᠯᠠᠭ᠎ᠠ ᠪᠠᠷ ᠢᠶᠠᠨ ᠬᠥᠷ ᠬᠥᠭᠵᠢᠶᠡᠨ ᠲᠠᠢ ᠴᠠᠰᠤ ᠮᠥᠰᠥᠨ ᠤ ᠬᠠᠶᠢᠷ᠎ᠠ ᠰᠡᠳᠬᠢᠯᠭᠡ ᠶᠢ ᠳᠠᠬᠢᠨᠲᠠ ᠪᠢᠴᠢᠵᠦ ᠪᠠᠶᠢᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号