ᠳ᠋ᠠ ᠾᠧ ᠸᠠᠨ ᠪᠠᠯᠭᠠᠰᠤ ᠴᠠᠬᠢᠯᠭᠠᠨ ᠤᠳᠠᠰᠤᠨ ᠤ ᠮᠡᠬᠡᠯᠡᠯ ᠢ ᠰᠡᠷᠭᠡᠶᠢᠯᠡᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/24
    ᠴᠠᠬᠢᠯᠭᠠ ᠣᠳᠠᠰᠤᠨ ᠤ ᠮᠡᠬᠡᠯᠡᠯ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠶᠢᠨ ᠲᠥᠯᠥᠭᠡ᠂ ᠳ᠋ᠠ ᠾᠧ ᠸᠠᠨ ᠪᠠᠯᠭᠠᠰᠤ ᠴᠠᠬᠢᠯᠭᠠᠨ ᠣᠳᠠᠰᠤᠨ ᠤ ᠮᠡᠬᠡᠯᠡᠯ ᠢ ᠰᠡᠷᠭᠡᠶᠢᠯᠡᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠲᠣᠮᠢᠯᠠᠭᠰᠠᠨ ᠰᠠᠯᠪᠤᠷᠢ ᠶᠢᠨ ᠬᠠᠷᠢᠭᠤᠴᠠᠯᠭᠠᠲᠠᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠡᠷᠬᠢᠯᠡᠭᠴᠢ᠂ ᠲᠣᠰᠬᠤᠨ ᠤ ᠠᠵᠢᠯ ᠤᠨ ᠳᠤᠭᠤᠶᠢᠯᠠᠩ ᠤᠨ ᠳᠠᠷᠤᠭ᠎ᠠ ᠵᠡᠷᠭᠡ 50 ᠭᠠᠷᠤᠢ ᠬᠥᠮᠦᠨ ᠬᠤᠷᠠᠯ ᠳᠤ ᠣᠷᠣᠯᠴᠠᠪᠠ᠃ ᠬᠤᠷᠠᠯ ᠢ ᠳ᠋ᠠ ᠾᠧ ᠸᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠴᠧᠨ ᠯᠢᠶᠠᠩ ᠲᠢᠶᠠᠨ ᠡᠷᠬᠢᠯᠡᠪᠡ  ᠃     ᠬᠤᠷᠠᠯ ᠳᠡᠭᠡᠷ᠎ᠡ᠂ ᠴᠧᠨ ᠯᠢᠶᠠᠩ ᠲᠢᠶᠠᠨ ᠣᠶᠢᠷ᠎ᠠ ᠶᠢᠨ ᠬᠤᠭᠤᠴᠠᠭᠠᠨ ᠳᠤ ᠴᠠᠬᠢᠯᠭᠠᠨ ᠣᠳᠠᠰᠤᠨ ᠤ ᠮᠡᠬᠡᠯᠡᠯ ᠳᠤ ᠤᠴᠠᠷᠠᠭᠰᠠᠨ ᠬᠡᠷᠡᠭ ᠤᠨ ᠵᠢᠱᠢᠶ᠎ᠡ ᠶᠢ ᠮᠡᠳᠡᠭᠳᠡᠵᠦ᠂ ᠲᠤᠰ ᠭᠠᠵᠠᠷ ᠣᠷᠣᠨ ᠤ ᠪᠠᠨ ᠴᠠᠬᠢᠯᠭᠠᠨ ᠣᠳᠠᠰᠤᠨ ᠤ ᠮᠡᠬᠡᠯᠡᠯ ᠤᠨ ᠣᠨᠴᠠᠯᠢᠭ ᠢ ᠳ᠋ᠦᠩᠨᠡᠵᠡᠶ᠃ ᠪᠠᠯᠭᠠᠰᠤᠨ ᠤ ᠭᠠᠴᠠᠭᠠᠨ ᠤ ᠺᠠᠳ᠋ᠷ ᠡᠷᠬᠡᠪᠰᠢ ᠴᠠᠬᠢᠯᠭᠠᠨ ᠣᠳᠠᠰᠤᠨ ᠤ ᠮᠡᠬᠡᠯᠡᠯ ᠤᠨ ᠶᠠᠯᠠᠲᠤ ᠠᠵᠢᠯᠯᠠᠭ᠎ᠠ ᠶᠢᠨ ᠬᠦᠨᠳᠦ ᠨᠣᠴᠢᠲᠠᠢ ᠴᠢᠨᠠᠷ ᠪᠠ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠶᠢᠨ ᠴᠢᠬᠤᠯᠠ ᠴᠢᠨᠠᠷ  ᠢ ᠭᠦᠢᠴᠡᠳ ᠲᠠᠨᠢᠬᠤ ᠬᠡᠷᠡᠭᠲᠡᠢ ᠭᠡᠵᠦ ᠱᠠᠭᠠᠷᠳᠠᠵᠠᠢ᠃ ᠪᠠᠯᠭᠠᠰᠤᠨ ᠤ ᠲᠣᠮᠢᠯᠠᠭᠰᠠᠨ ᠰᠠᠯᠪᠤᠷᠢ ᠶᠢᠨ ᠳᠠᠷᠤᠭ᠎ᠠ ᠡᠤ ᠵᠢᠶᠠᠨ ᠬᠤᠷᠠᠯ ᠳᠤ ᠣᠷᠣᠯᠴᠠᠭᠰᠠᠳ ᠲᠤ ᠴᠠᠬᠢᠯᠭᠠᠨ ᠣᠳᠠᠰᠤᠨ ᠤ ᠮᠡᠬᠡᠯᠡᠯ ᠤᠨ ᠬᠡᠯᠪᠡᠷᠢ ᠣᠨᠴᠠᠯᠢᠭ ᠢ ᠨᠠᠷᠢᠨ ᠲᠠᠶᠢᠯᠪᠤᠷᠢᠯᠠᠵᠠᠶ᠃ ᠴᠠᠬᠢᠯᠭᠠᠨ ᠣᠳᠠᠰᠤᠨ ᠤ ᠮᠡᠬᠡᠯᠡᠯ ᠢ ᠰᠡᠷᠭᠡᠶᠢᠯᠡᠬᠦ ᠠᠷᠭ᠎ᠠ ᠪᠠᠷᠢᠯ ᠨᠢ ᠴᠠᠬᠢᠯᠭᠠᠨ ᠣᠳᠠᠰᠤᠨ ᠤ ᠮᠡᠬᠡᠯᠡᠯ ᠤᠨ ᠡᠮᠦᠨ᠎ᠡ ︽ᠠᠮᠠᠷᠬᠠᠨ ᠢᠲᠡᠭᠡᠵᠦ ᠪᠣᠯᠬᠤ ᠦᠭᠡᠢ︾᠂ ︽ᠵᠠᠳᠠᠷᠠᠭᠤᠯᠬᠤ ᠦᠭᠡᠢ︾᠂ ︽ᠳᠠᠩᠰᠠ ᠰᠢᠯᠵᠢᠭᠦᠯᠬᠦ ᠦᠭᠡᠢ︾᠂ ︽ᠴᠠᠭ ᠲᠤᠬᠠᠶ ᠳᠤᠨᠢ ᠬᠡᠷᠡᠭ ᠮᠡᠳᠡᠭᠦᠯᠬᠦ︾ ᠵᠡᠷᠭᠡ ᠶᠢ ᠤᠯᠠᠨ ᠳᠤ ᠰᠠᠨᠠᠭᠤᠯᠤᠭᠰᠠᠨ ᠪᠠᠶᠢᠨ᠎ᠠ᠃       ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠬᠤᠩ ᠪᠢᠨ ᠳ᠋ᠦᠩᠨᠡᠯᠲᠡ ᠶᠢᠨ ᠴᠢᠨᠠᠷᠲᠠᠶ ᠶᠠᠷᠢᠶ᠎ᠠ ᠲᠠᠯᠪᠢᠵᠤ᠂ ᠲᠡᠷᠡᠴᠢᠯᠡᠨ ᠪᠦᠬᠦ ᠪᠠᠯᠭᠠᠰᠤᠨ ᠤ ᠳᠡᠭᠡᠳᠦ ᠳᠤᠤᠷᠠᠳᠤ ᠱᠠᠲᠤᠨ ᠳᠤ ᠭᠤᠷᠪᠠᠨ ᠱᠠᠭᠠᠷᠳᠠᠯᠭ᠎ᠠ ᠳᠤᠷᠠᠳᠴᠠᠶ ᠄ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠡᠯ᠎ᠡ ᠱᠠᠲᠤᠨ ᠤ ᠺᠠᠳ᠋ᠷᠴᠤᠳ ᠵᠣᠭᠰᠣᠴᠠ ᠪᠠᠨ ᠳᠡᠭᠡᠭᠰᠢᠯᠡᠭᠦᠯᠵᠦ᠂ ᠴᠠᠬᠢᠯᠭᠠᠨ ᠬᠤᠯᠪᠣᠭᠠᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠷᠢᠭᠤᠴᠠᠯᠭ᠎ᠠ ᠪᠠ ᠡᠭᠦᠷᠭᠡ ᠶᠢ ᠦᠨᠡᠨ ᠬᠦ ᠡᠭᠦᠷᠭᠡᠯᠡᠨ᠎ᠡ᠃ ᠬᠤᠶᠠᠷ ᠲᠤ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ᠃ ︽ᠭᠤᠷᠪᠠᠨ ᠶᠠᠪᠤᠳᠠᠯ ᠢ ᠢᠯᠡ ᠪᠣᠯᠭᠠᠬᠤ ᠣᠯᠠᠨ ᠲᠦᠮᠡᠨ︾᠂ ︽ᠲᠣᠰᠬᠤᠨ ᠪᠣᠯᠭᠠᠨ ᠳᠠᠭᠤ ᠴᠢᠮᠡᠭᠡ︾ ᠷᠠᠳᠢᠣ᠋ ᠨᠡᠪᠲᠡᠷᠡᠭᠦᠯᠭᠡ ᠵᠡᠷᠭᠡ ᠶᠢ ᠬᠦᠢᠴᠡᠳ ᠰᠠᠶᠢᠲᠤᠷ ᠠᠰᠢᠭᠯᠠᠵᠤ᠂ ᠠᠷᠠᠳ ᠣᠯᠠᠨ ᠳᠤ ᠴᠠᠬᠢᠯᠭᠠᠨ ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠠᠮᠠᠷᠬᠠᠨ ᠮᠡᠬᠡᠯᠡᠭᠳᠡᠭᠰᠡᠨ ᠬᠥᠮᠦᠰ ᠤᠨ ᠰᠡᠷᠡᠮᠵᠢᠯᠡᠬᠦ ᠦᠵᠡᠯ ᠤᠬᠠᠮᠰᠠᠷ ᠪᠣᠯᠤᠨ ᠠᠷᠠᠳ ᠢᠷᠭᠡᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠭᠤᠷᠪᠠ ᠳᠤ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ ᠴᠠᠬᠢᠯᠭᠠᠨ ᠬᠤᠯᠪᠣᠭᠠᠨ ᠤ ᠮᠡᠬᠡᠯᠡᠬᠦ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠲᠡᠷᠡ ᠳᠠᠷᠤᠶ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠡᠷᠡᠭ ᠮᠡᠳᠡᠭᠦᠯᠬᠦ ᠬᠡᠷᠡᠭᠲᠡᠶ᠂ ᠬᠠᠮᠢᠶ᠎ᠠ ᠪᠦᠬᠦᠢ ᠭᠡᠷᠡᠴᠢ ᠪᠠᠷᠢᠮᠲᠠ ᠶᠢ ᠰᠠᠶᠢᠲᠤᠷ ᠦᠯᠡᠳᠡᠭᠡᠵᠦ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠠᠢ ᠢᠳᠡᠪᠬᠢᠲᠡᠢ ᠬᠠᠮᠵᠢᠯᠴᠠᠨ ᠭᠡᠷᠡᠴᠢ ᠠᠪᠴᠤ ᠬᠡᠷᠡᠭ ᠢᠯᠡᠷᠡᠭᠦᠯᠬᠦ ᠠᠵᠢᠯ ᠢ ᠥᠷᠨᠢᠭᠦᠯᠦᠨ᠎ᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号