ᠭᠤᠤ ᠲᠠᠢ ᠽᠢ ᠵᠡᠭᠡᠯᠢ ᠭᠤᠳᠤᠮᠵᠢ ᠶᠢᠨ ︽ᠭᠤᠷᠪᠠᠨ ᠠᠯᠬᠤᠮ ᠢᠶᠠᠷ ᠶᠠᠪᠤᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠷᠭᠡᠨ ᠦᠷᠨᠢᠬᠦᠯᠪᠡ
ᠨᠡᠶᠢᠲᠡᠯᠡᠭᠰᠡᠨ ᠴᠠᠭ᠄
2020/11/25
    ᠣᠶᠢᠷ᠎ᠠ ᠳᠤ᠂ ᠭᠤᠤ ᠲᠠᠢ ᠽᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠬᠥᠯᠥᠨ ᠪᠥᠢᠷ ᠬᠤᠲᠠ᠂ ᠵᠠᠯᠠᠨ ᠠᠶᠢᠯ ᠬᠤᠲᠠ ᠶᠢᠨ ᠨᠡᠶᠢᠲᠡᠯᠡᠭᠰᠡᠨ ᠬᠢᠵᠢᠭ ᠤᠨ ᠪᠠᠶᠢᠳᠠᠯ ᠤᠨ ᠮᠡᠳᠡᠭᠳᠡᠯ ᠶᠣᠰᠣᠭᠠᠷ᠂ ᠦᠳᠲᠡᠷ ᠲᠦᠷᠭᠡᠨ ᠬᠥᠳᠡᠯᠦᠯᠴᠡᠵᠦ᠂ ᠣᠯᠠᠨ ᠲᠠᠯ᠎ᠠ ᠬᠤᠯᠪᠣᠭᠠᠯᠠᠨ ᠬᠥᠳᠡᠯᠦᠯᠴᠡᠵᠡᠶ᠃ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ ᠢ ᠳᠠᠷᠦ᠋ᠢᠬᠠᠨ ᠵᠣᠬᠢᠶᠠᠨ ᠪᠠᠶᠢᠭᠤᠯᠵᠤ 11 ᠳ᠋ᠦᠭᠡᠷ ᠰᠠᠷ᠎ᠠ ᠶᠢᠨ 7 ᠤ ᠡᠳᠦᠷ ᠠᠴᠠ ᠰᠡᠭᠦᠯᠡᠷ ᠮᠠᠨᠵᠤᠤᠷ᠂ ᠰᠠᠭᠤᠷᠢᠰᠢᠭᠰᠠᠨ ᠲᠣᠭᠤᠷᠢᠭ ᠤᠨ ᠬᠠᠷᠢᠶ᠎ᠠ ᠣᠷᠣᠨ ᠳᠤ ᠣᠷᠣᠵᠤ ᠢᠷᠡᠭᠰᠡᠨ ᠬᠥᠮᠦᠰ ᠢ ᠪᠦᠬᠦ ᠲᠠᠯ᠎ᠠ ᠪᠠᠷ ᠵᠢᠭᠰᠠᠭᠠᠨ ᠪᠠᠢᠴᠠᠭᠠᠵᠠᠢ᠃     ᠨᠢᠭᠡ ᠳᠤ᠂ ᠲᠦᠷᠭᠡᠨ ᠬᠥᠳᠡᠯᠦᠯᠴᠡᠵᠦ᠂ ᠬᠢᠨᠠᠨ ᠵᠢᠯᠤᠭᠤᠳᠴᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠦᠳᠲᠡᠷ ᠲᠦᠷᠭᠡᠨ ᠡᠬᠢᠯᠡᠬᠦᠯᠦᠨ᠎ᠡ᠃ ᠵᠡᠭᠡᠯᠢ ᠭᠤᠳᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠡᠷᠡ ᠳᠠᠷᠤᠶ ᠳᠤᠨᠢ ᠬᠡᠷᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯᠲᠠᠨ ᠤ ᠠᠵᠢᠯ ᠤᠨ ᠬᠤᠪᠢᠶᠠᠷᠢᠯᠠᠯ᠂ ᠭᠤᠤᠯ ᠡᠭᠦᠷᠭᠡ ᠪᠣᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠪᠣᠳᠠᠲᠠᠶ ᠨᠠᠷᠢᠯᠢᠭᠵᠢᠭᠤᠯᠵᠤ᠂ ᠬᠠᠷᠢᠶ᠎ᠠ ᠣᠷᠣᠨ ᠤ ᠡᠯ᠎ᠡ ᠲᠣᠰᠬᠤᠨ᠂ ᠨᠡᠶᠢᠭᠡᠮ ᠲᠣᠭᠤᠷᠢᠭ᠂ ᠲᠣᠮᠢᠯᠠᠭᠰᠠᠨ ᠰᠠᠯᠪᠤᠷᠢ᠂ ᠡᠷᠡᠭᠦᠯ ᠬᠠᠮᠠᠭᠠᠯᠠᠯ ᠤᠨ ᠬᠤᠷᠢᠶᠠᠨ ᠤ ᠪᠦᠬᠦ ᠠᠵᠢᠯᠲᠠᠨ ᠢ ᠳᠠᠶᠢᠴᠢᠯᠠᠨ᠂ ᠤᠳᠤᠷᠢᠳᠤᠯᠭ᠎ᠠ ᠲᠣᠰᠬᠤᠨ᠂ ᠨᠡᠶᠢᠭᠡᠮ ᠲᠣᠭᠤᠷᠢᠭ ᠢ ᠳᠠᠭᠠᠭᠠᠴᠢᠯᠠᠬᠤ ᠳᠦᠷᠢᠮ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠯ᠎ᠡ ᠲᠣᠰᠬᠤᠨ᠂ ᠨᠡᠶᠢᠭᠡᠮ ᠲᠣᠭᠤᠷᠢᠭ ᠤᠨ ᠬᠢᠵᠢᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢ ᠴᠢᠩᠭ᠎ᠠ ᠬᠢᠨᠠᠨ ᠵᠢᠯᠣᠭᠤᠳᠬᠤ ᠬᠡᠷᠡᠭᠲᠡᠶ᠃     ᠬᠤᠶᠠᠷ ᠲᠤ᠂ ᠰᠠᠭᠤᠷᠢ ᠲᠤᠭ᠎ᠠ ᠨᠢ ᠲᠣᠳᠣᠷᠬᠠᠢ᠂ ᠪᠠᠢᠳᠠᠯ ᠨᠢ ᠲᠣᠳᠣᠷᠬᠠᠢ᠂ ᠵᠢᠭᠰᠠᠭᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠦᠨ᠎ᠡ᠃ ᠲᠣᠰᠬᠤᠨ ᠤ ᠰᠠᠭᠤᠭᠠᠯᠢ ᠠᠷᠠᠳ ᠤᠨ ᠠᠵᠢᠯᠲᠠᠨ ᠮᠡᠳᠡᠭᠳᠡᠯ ᠢ ᠣᠯᠤᠭᠰᠠᠨ ᠤ ᠳᠠᠷᠠᠭ᠎ᠠ ᠳᠠᠷᠤᠶ ᠲᠦᠷᠭᠡᠨ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠰᠦᠯᠵᠢᠶᠡᠨ ᠳᠡᠭᠡᠷ᠎ᠡ ᠰᠠᠭᠤᠭᠠᠯᠢ ᠠᠷᠠᠳ ᠤᠨ ᠸᠢᠴᠠᠲ ᠤᠨ ᠠᠵᠢᠯ ᠤᠨ ᠬᠤᠯᠪᠣᠭ᠎ᠠ᠂ ᠨᠠᠶᠢᠵᠠ ᠶᠢᠨ ᠲᠣᠭᠤᠷᠢᠭ ᠢ ᠠᠰᠢᠭᠯᠠᠨ ᠠᠯᠪᠠᠨ ᠤ ᠲᠠᠯ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠᠨ ᠵᠠᠷ᠂ ᠵᠢᠭᠰᠠᠭᠠᠨ ᠪᠠᠶᠢᠴᠠᠭᠠᠬᠤ ᠠᠵᠢᠯᠲᠠᠨ ᠤ ᠰᠦᠪᠡᠭᠴᠢ ᠴᠤᠭᠯᠠᠭᠤᠯᠬᠤ ᠮᠡᠳᠡᠭᠳᠡᠯ ᠢ ᠴᠠᠭ ᠲᠤᠬᠠᠶ ᠳᠤᠨᠢ ᠨᠡᠶᠢᠲᠡᠯᠡᠨ᠎ᠡ︔ ᠰᠦᠯᠵᠢᠶᠡᠨ ᠭᠠᠳᠠᠨ᠎ᠠ ᠡᠷᠦᠬᠡ ᠳᠤ ᠣᠷᠣᠬᠤ᠂ ᠤᠲᠠᠰᠤ ᠠᠪᠬᠤ ᠵᠡᠷᠭᠡ ᠣᠯᠠᠨᠵᠦᠢᠯ ᠤᠨ ᠠᠷᠭ᠎ᠠ ᠮᠠᠶ᠋ᠢᠭ ᠢ ᠠᠰᠢᠭᠯᠠᠨ ᠵᠢᠭᠰᠠᠭᠠᠨ ᠪᠠᠶᠢᠴᠠᠭᠠᠬᠤ ᠬᠡᠷᠡᠭᠲᠡᠶ᠃ ᠬᠠᠮᠤᠭ ᠲᠡᠷᠢᠭᠦᠨ ᠳᠤ ᠭᠠᠳᠠᠨ᠎ᠠ ᠠᠴᠠ ᠢᠷᠡᠭᠰᠡᠨ ᠬᠥᠮᠦᠰ ᠤᠨ ᠦᠨᠳᠦᠰᠦᠨ ᠮᠡᠳᠡᠭᠡ ᠵᠠᠩᠭᠢ ᠶᠢ ᠡᠵᠡᠮᠰᠢᠵᠦ᠂ ᠲᠡᠭᠦᠨ ᠤ ᠠᠵᠢᠯᠯᠠᠭᠠᠨ ᠤ ᠵᠠᠮ ᠮᠥᠷ ᠢ ᠨᠠᠷᠢᠨ ᠣᠶᠢᠯᠠᠭᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠣᠷᠬᠢᠭᠳᠠᠭᠤᠯᠬᠤ ᠦᠭᠡᠢ᠂ ᠮᠡᠳᠡᠭᠦᠯᠬᠦ ᠦᠭᠡᠢ ᠨᠢᠭᠤᠬᠤ ᠦᠭᠡᠢ ᠪᠠᠶᠢᠬᠤ ᠬᠡᠷᠡᠭᠲᠡᠶ᠃     ᠭᠤᠷᠪᠠ ᠳᠤ ᠤᠬᠠᠭᠤᠯᠭ᠎ᠠ ᠶᠢ ᠴᠢᠬᠤᠯᠠᠴᠢᠯᠠᠵᠤ᠂ ᠪᠠᠲᠤᠯᠠᠭ᠎ᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠵᠠᠯᠭᠠᠮᠵᠢ ᠠᠵᠢᠯ ᠢ ᠰᠠᠶᠢᠲᠤᠷ ᠬᠢᠨ᠎ᠡ᠃ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠡᠵᠡᠮᠰᠢᠭᠦᠯᠵᠦ᠂ ᠰᠠᠭᠤᠭᠠᠯᠢ ᠠᠷᠠᠳ ᠤᠨ ᠴᠤᠤᠷᠬᠠᠯ ᠢ ᠢᠲᠡᠭᠡᠬᠦ ᠦᠭᠡᠢ ᠪᠠᠶᠢᠬᠤ ᠶᠢ ᠬᠥᠲᠥᠯᠥᠨ ᠵᠢᠯᠣᠭᠤᠳᠴᠤ᠂ ᠴᠤᠤᠷᠬᠠᠯ ᠲᠠᠷᠬᠠᠭᠠᠬᠤ ᠦᠭᠡᠢ᠂ ᠰᠠᠭᠤᠭᠠᠯᠢ ᠠᠷᠠᠳ ᠢ ᠬᠠᠪᠰᠤᠷᠤᠨ ᠭᠡᠯᠮᠡᠭᠳᠡᠬᠦ ᠰᠡᠳᠬᠢᠯᠭᠡ ᠶᠢ ᠨᠢ ᠠᠷᠢᠯᠭᠠᠵᠤ᠂ ᠬᠥᠮᠦᠨ ᠪᠦᠬᠦᠨ ᠮᠡᠳᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃     ᠳᠠᠷᠠᠭ᠎ᠠ ᠠᠯᠬᠤᠮ ᠳᠤ᠂ ᠭᠤᠤ ᠲᠠᠢ ᠽᠢ ᠵᠡᠭᠡᠯᠢ ᠭᠤᠳᠤᠮᠵᠢ ᠬᠥᠯᠥᠨ ᠪᠤᠶᠢᠷ ᠬᠤᠲᠠ᠂ ᠵᠠᠯᠠᠨ ᠠᠶᠢᠯ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠬᠠᠮᠠᠭᠠᠯᠠᠯᠲᠠ ᠶᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠰᠠᠶᠢᠨ ᠰᠠᠶᠢᠬᠠᠨ ᠬᠡᠪᠰᠢᠭᠰᠡᠨ ᠦᠵᠡᠯ ᠤᠬᠠᠮᠰᠠᠷ ᠢ ᠪᠣᠶ ᠪᠣᠯᠭᠠᠵᠤ᠂ ᠨᠡᠩ ᠬᠦᠴᠦᠲᠡᠶ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠬᠢᠵᠢᠭ ᠢ ᠰᠡᠷᠭᠡᠶᠢᠯᠡᠨ ᠡᠵᠡᠮᠳᠡᠬᠦ ᠪᠠᠲᠤ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠬᠤ ᠬᠡᠷᠡᠭᠲᠡᠶ ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号