ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠡᠶᠢᠭᠡᠮ ᠲᠣᠭᠤᠷᠢᠭ ᠲᠤ ᠣᠷᠣᠭᠤᠯᠤᠨ᠎ᠠ
ᠨᠡᠶᠢᠲᠡᠯᠡᠭᠰᠡᠨ ᠴᠠᠭ᠄
2020/11/27
    ᠣᠶᠢᠷ᠎ᠠ ᠳᠤ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠠᠵᠢᠯᠲᠠᠳ ᠰᠢᠶᠠᠩ ᠶᠠᠩ ᠵᠡᠭᠡᠯᠢ ᠭᠤᠳᠤᠮᠵᠢ ᠶᠢᠨ ᠰᠢᠩ ᠭᠤᠸᠠᠩ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯᠯᠠᠭ᠎ᠠ ᠥᠷᠨᠢᠭᠦᠯᠵᠡᠶ᠃ ᠪᠠᠰᠠ ᠬᠤᠲᠠ ᠶᠢᠨ ᠠᠷᠠᠳ ᠲᠤ ᠵᠠᠯᠠᠨ ᠠᠶᠢᠯ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠣᠬᠠᠭᠤᠯᠭ᠎ᠠ ᠶᠢᠨ ᠳᠡᠪᠲᠡᠷ ᠲᠠᠷᠬᠠᠭᠠᠬᠤ ᠬᠡᠷᠡᠭᠲᠡᠶ᠃     ᠠᠵᠢᠯᠲᠠᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠰᠣᠯᠢᠯᠴᠠᠭᠠᠨ ᠤ ᠶᠠᠷᠢᠯᠴᠠᠬᠤ ᠬᠤᠷᠠᠯ ᠬᠢᠵᠦ᠂ 2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠪᠠ᠃ ᠰᠠᠭᠤᠭᠠᠯᠢ ᠠᠷᠠᠳ ᠤᠨ ᠳᠤᠷᠠᠳᠤᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠨᠳᠣᠣ ᠭᠠᠵᠠᠷ ᠲᠤ ᠳᠠᠭᠠᠳᠬᠠᠯ ᠳᠤ ᠣᠷᠣᠯᠴᠠᠬᠤ᠂ ᠬᠦᠨᠳᠦ ᠡᠪᠡᠳᠴᠢᠨ ᠤ ᠣᠯᠭᠤᠮᠵᠢ᠂ ᠬᠦᠨᠳᠦ ᠡᠪᠡᠳᠴᠢᠨ ᠤ ᠠᠪᠤᠷᠠᠨ ᠲᠤᠰᠠᠯᠠᠬᠤ ᠵᠡᠷᠭᠡ ᠠᠰᠠᠭᠤᠳᠠᠯ ᠤᠨ ᠲᠤᠬᠠᠶ᠂ ᠠᠵᠢᠯᠲᠠᠳ ᠲᠤᠬᠠᠶ ᠶᠢᠨ ᠲᠠᠯᠠᠪᠤᠷ ᠲᠤ ᠨᠠᠷᠢᠨ ᠲᠣᠳᠣᠷᠬᠠᠶ ᠬᠠᠷᠢᠭᠤᠯᠲᠠ ᠥᠭᠪᠡ᠃     ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠢ ᠭᠡᠷ ᠠᠴᠠ ᠪᠠᠨ ᠭᠠᠷᠭᠠᠬᠤ ᠦᠭᠡᠢ ᠪᠠᠷ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠵᠦᠢᠯ ᠤᠨ ᠰᠢᠨ᠎ᠡ ᠲᠥᠷᠥ ᠶᠢᠨ ᠪᠣᠳᠣᠯᠭ᠎ᠠ ᠶᠢ ᠣᠶᠢᠯᠭᠠᠵᠤ᠂ ᠠᠰᠠᠭᠤᠯᠲᠠ ᠶᠢ ᠬᠠᠷᠢᠭᠤᠯᠬᠤ ᠳᠠᠭᠠᠨ᠂ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠦᠢᠯᠡᠴᠢᠯᠡᠬᠡᠨ ᠤ ᠠᠷᠭ᠎ᠠ ᠮᠠᠶ᠋ᠢᠭ ᠢᠶᠠᠨ ᠰᠠᠶᠢᠵᠢᠷᠠᠭᠤᠯᠤᠭᠰᠠᠨ ᠨᠢ ᠰᠠᠭᠤᠭᠠᠯᠢ ᠠᠷᠠᠳ ᠤᠨ ᠰᠠᠨᠠᠯ ᠨᠢᠭᠡᠲᠡᠶ ᠬᠦᠷᠢᠶᠡᠯᠡᠯ ᠢ ᠣᠯᠤᠭᠰᠠᠨ ᠪᠠᠶᠢᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号