ᠮᠠᠨ ᠤ ᠬᠤᠲᠠ ᠳᠣᠶᠢᠯ ᠤᠨ ᠴᠠᠭ ᠠᠭᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠬᠠᠮᠲᠤᠷᠠᠭᠰᠠᠨ ᠪᠠᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/11/27
    11 ᠰᠠᠷ᠎ᠠ ᠶᠢᠨ 24 ᠤ ᠡᠳᠦᠷ᠂ ᠬᠤᠲᠠ ᠶᠢᠨ ᠠᠮᠤᠷ ᠲᠦᠪᠰᠢᠨ ᠤ ᠵᠥᠪᠯᠡᠯ ᠤᠨ ᠠᠯᠪᠠᠨ ᠭᠡᠷ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠮᠠᠨ ᠤ ᠬᠤᠲᠠ ᠶᠢᠨ ᠤᠰᠤ ᠬᠠᠩᠭᠠᠬᠤ ᠢᠯᠴᠢ ᠬᠠᠩᠭᠠᠬᠤ ᠠᠵᠤ ᠠᠬᠤᠶᠢᠯᠠ ᠳᠤ ᠭᠦᠨᠵᠡᠭᠡᠶᠢᠷᠡᠨ ᠳᠤᠶᠢᠯ ᠤᠨ ᠴᠠᠭ ᠠᠭᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠬᠠᠮᠲᠤᠷᠠᠭᠰᠠᠨ ᠪᠠᠶᠢᠴᠠᠭᠠᠯᠲᠠ ᠶᠢ ᠦᠷᠨᠢᠬᠦᠯᠪᠡ᠃ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠰᠢᠨ᠎ᠡ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ᠂ ᠠᠨᠲ᠋ᠠᠶ ᠬᠠᠯᠠᠭᠤᠨ ᠴᠠᠬᠢᠯᠭᠠᠨ᠂ ᠲᠦᠭᠡᠭᠡᠯ ᠤᠰᠤᠨ ᠤ ᠦᠢᠯᠡᠳᠪᠦᠷᠢ ᠵᠡᠷᠭᠡ ᠨᠢᠭᠡᠴᠡ ᠳᠤ ᠪᠠᠶᠢᠴᠠᠭᠠᠯᠲᠠ ᠬᠢᠵᠡᠶ᠃ ᠨᠢᠭᠡ ᠭᠠᠵᠠᠷ ᠬᠦᠷᠬᠦ ᠪᠦᠷᠢ ᠬᠠᠷᠢᠭᠤᠴᠠᠯᠭᠠᠲᠠᠨ ᠤ ᠠᠶᠤᠯ ᠦᠭᠡᠢ ᠦᠢᠯᠡᠳᠪᠦᠷᠢᠯᠡᠯ ᠵᠢᠴᠢ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠬᠠᠶ ᠶᠢᠨ ᠲᠠᠯᠠᠪᠠᠢ ᠶᠢᠨ ᠪᠡᠯᠡᠳᠬᠡᠮᠵᠢ ᠶᠢᠨ ᠠᠵᠢᠯᠯᠠᠭᠠᠨ ᠤ  ᠪᠠᠶᠢᠳᠠᠯ᠂ ᠭᠠᠯ ᠤᠨᠲᠠᠷᠠᠭᠠᠬᠤ ᠡᠵᠡᠮᠳᠡᠯ ᠤᠨ ᠰᠢᠰᠲ᠋ᠧᠮ᠂ ᠪᠠᠴᠢᠮ ᠪᠠᠶᠢᠳᠠᠯ ᠢ ᠠᠷᠭᠠᠴᠠᠬᠤ ᠪᠣᠳᠠᠰ ᠤᠨ ᠨᠥᠭᠡᠴᠡ ᠵᠡᠷᠭᠡ ᠳᠤ ᠪᠠᠶᠢᠴᠠᠭᠠᠯᠲᠠ ᠬᠢᠬᠦ ᠬᠡᠷᠡᠭᠲᠡᠶ᠃     ᠪᠠᠶᠢᠴᠠᠭᠠᠬᠤ ᠳᠤᠭᠤᠶᠢᠯᠠᠩ ᠠᠴᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠢ ᠲᠦᠢᠯ ᠤᠨ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠠᠶ᠃ ᠳᠤᠶᠢᠯ ᠤᠨ ᠴᠠᠭ ᠠᠭᠤᠷ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠬᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠵᠡᠷᠭᠡ ᠠᠴᠠ ᠪᠣᠯᠤᠭᠰᠠᠨ ᠠᠰᠢᠭ ᠦᠭᠡᠢ ᠨᠥᠯᠥᠭᠡ ᠨᠢ ᠪᠠᠴᠢᠮ ᠪᠠᠶᠢᠳᠠᠯ ᠢ ᠠᠷᠭᠠᠴᠠᠬᠤ ᠭᠦᠢᠴᠡᠳ ᠪᠡᠯᠡᠳᠬᠡᠯ ᠬᠢᠵᠦ᠂ ᠢᠯᠴᠢ ᠬᠠᠩᠭᠠᠬᠤ ᠺᠣᠮᠫᠠᠨᠢ ᠵᠢᠵᠢᠭᠦᠷᠯᠡᠬᠦ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠠᠰᠠᠭᠤᠳᠠᠯ ᠢ ᠣᠯᠵᠤ ᠮᠡᠳᠡᠪᠡᠯ ᠳᠠᠷᠤᠶ ᠲᠦᠷᠭᠡᠨ ᠵᠣᠬᠢᠶᠠᠨ ᠪᠠᠶᠢᠭᠤᠯᠤᠯᠲᠠ ᠶᠢᠨ ᠬᠦᠴᠦᠨ ᠢ ᠵᠣᠬᠢᠴᠠᠭᠤᠯᠤᠨ ᠰᠢᠢᠳᠪᠦᠷᠢᠯᠡᠵᠦ᠂ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠬᠠᠷᠢᠭᠤ ᠮᠡᠳᠡᠭᠦᠯᠬᠦ ᠬᠡᠷᠡᠭᠲᠡᠶ᠃ ᠤᠰᠤ ᠬᠠᠩᠭᠠᠬᠤ ᠰᠠᠯᠠᠭ᠎ᠠ ᠮᠥᠴᠢᠷ ᠤᠳ ᠵᠠᠪᠳᠤᠨ ᠵᠠᠰᠠᠬᠤ ᠠᠵᠢᠯᠲᠠᠨ ᠤ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠥᠬᠦᠭᠡᠷᠦᠮᠵᠢ᠂ ᠬᠤᠭᠤᠯᠠᠶ ᠤᠲᠠᠰᠤ ᠶᠢ ᠪᠠᠶᠢᠴᠠᠭᠠᠨ ᠵᠠᠰᠠᠬᠤ ᠡᠷᠴᠢᠮ ᠢᠶᠠᠨ ᠴᠢᠩᠬᠠᠳᠬᠠᠨ᠂ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠶᠡᠭᠡ ᠬᠡᠪᠴᠢᠶ᠎ᠡ ᠪᠠᠷ ᠤᠰᠤ ᠵᠣᠭᠰᠣᠬᠤ ᠵᠡᠷᠭᠡ  ᠪᠠᠶᠢᠳᠠᠯ ᠭᠠᠷᠬᠤ ᠠᠴᠠ ᠵᠠᠶᠢᠯᠠᠰᠬᠢᠨ᠎ᠡ᠃     ᠪᠠᠶᠢᠴᠠᠭᠠᠬᠤ ᠳᠤᠭᠤᠶᠢᠯᠠᠩ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠨᠢᠭᠡᠴᠡ ᠶᠢᠨ ᠢᠶᠠᠨ ᠡᠭᠦᠷᠭᠡ ᠬᠠᠷᠢᠭᠤᠴᠠᠯᠭ᠎ᠠ ᠲᠠᠢ ᠤᠶᠠᠯᠳᠤᠭᠤᠯᠤᠨ᠂ ᠲᠦᠢᠯ ᠤᠨ ᠴᠠᠭ ᠠᠭᠤᠷ ᠤᠨ ᠬᠤᠭᠤᠴᠠᠭᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠰᠤᠳᠤᠯᠤᠨ ᠮᠠᠭᠠᠳᠯᠠᠬᠤ ᠶᠢ ᠪᠣᠳᠠᠲᠠᠶᠢᠵᠢᠭᠤᠯᠵᠤ᠂ ᠠᠵᠢᠯᠲᠠᠨ ᠤ ᠠᠮᠤᠷ ᠲᠦᠪᠰᠢᠨ ᠢ ᠪᠠᠲᠤᠯᠠᠵᠤ᠂ ᠴᠢᠬᠤᠯᠠ ᠪᠤᠰᠤ ᠬᠤᠬᠢᠷᠠᠯ ᠢ ᠪᠠᠭᠠᠰᠬᠠᠬᠤ ᠬᠡᠷᠡᠭᠲᠡᠶ᠃ ᠡᠭᠦᠨ ᠤ ᠬᠠᠮᠲᠤ ᠬᠤᠯᠪᠣᠭᠠᠯᠠᠨ ᠬᠥᠳᠡᠯᠦᠯᠴᠡᠬᠦ ᠶᠢ ᠰᠠᠶᠢᠲᠤᠷ ᠬᠢᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠠᠢ ᠴᠠᠭ ᠲᠤᠬᠠᠶ ᠳᠤᠨᠢ ᠨᠡᠪᠲᠡᠷᠡᠯᠴᠡᠵᠦ᠂ ᠬᠤᠬᠢᠷᠠᠯ ᠢ ᠦᠨᠡᠨ ᠬᠦ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠵᠤ᠂ ᠬᠤᠳᠠ ᠶᠢᠨ ᠬᠡᠪ ᠤᠨ ᠠᠵᠢᠯᠯᠠᠭ᠎ᠠ ᠪᠠ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号