ᠵᠢᠢ ᠶᠦᠩ ᠴᠢᠶᠠᠨ ᠵᠠᠯᠠᠨ ᠠᠶᠢᠯ ᠬᠤᠲᠠ ᠳᠤ ᠬᠦᠷᠴᠦ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/11/27
    ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠢᠢ ᠶᠦᠩ ᠴᠢᠶᠠᠨ ᠵᠠᠯᠠᠨ ᠠᠶᠢᠯ ᠬᠤᠲᠠ ᠳᠤ ᠭᠦᠨᠵᠡᠭᠡᠶᠢᠷᠡᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠠᠶᠤᠯ ᠥᠬᠡᠶ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠰᠢᠤ ᠹᠸᠢ ᠪᠠᠷ᠎ᠠ ᠪᠣᠯᠪᠠ᠃
    ᠵᠢᠢ ᠶᠦᠩ ᠴᠢᠶᠠᠨ ᠨᠠᠷ ᠬᠥᠯᠥᠨ ᠪᠤᠶᠢᠷ ᠤᠨ ᠵᠡᠭᠦᠨ ᠬᠤᠶᠢᠲᠤ ᠣᠷᠣᠨ ᠤ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠦᠢᠯ᠂ ᠬᠤᠸᠠ ᠨᠧᠩ 2 × 35 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ ᠪᠠ ᠤᠯᠤᠰ ᠤᠨ ᠵᠠᠮ ᠤᠨ 232 ᠱᠤᠭᠤᠮ ᠤᠨ ᠽᠢ ᠭᠧᠤ ᠠᠴᠠ ᠳ᠋ᠠᠰᠢᠩ ᠬᠦᠷᠬᠦ ᠵᠠᠰᠠᠮᠠᠯ ᠵᠠᠮ ᠤᠨ ᠲᠥᠷᠥᠯ ᠵᠦᠢᠯ ᠤᠨ ᠭᠠᠵᠠᠷ ᠰᠣᠩᠭᠤᠬᠤ ᠪᠦᠲᠦᠭᠡᠨ ᠪᠠᠶᠢᠭᠤᠯᠤᠯᠲᠠ ᠶᠢᠨ ᠭᠠᠵᠠᠷ ᠲᠤ ᠭᠦᠨᠵᠡᠭᠡᠶᠢᠷᠡᠪᠡ᠃ ᠲᠥᠷᠥᠯ ᠵᠦᠢᠯ ᠤᠨ ᠲᠥᠯᠥᠪᠵᠢᠭᠦᠯᠪᠡ᠂ ᠲᠦᠯᠬᠢᠨ ᠠᠬᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠠᠢ᠃ ᠲᠡᠷᠡ ᠵᠢᠭᠠᠵᠤ ᠭᠠᠷᠭᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ︽ᠵᠢᠷᠭᠤᠭ᠎ᠠ ᠶᠢ ᠲᠣᠭᠲᠠᠭᠤᠨ ᠪᠠᠶᠢᠯᠭᠠᠬᠤ ᠠᠵᠢᠯ︾ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠤᠨ᠎ᠠ᠃ ︽ᠡᠪᠦᠯ ᠤᠨ ᠰᠡᠯᠡᠭᠦᠦ ᠴᠠᠭ︾ ᠢ ︽ᠡᠪᠦᠯ ᠤᠨ ᠶᠠᠭᠠᠷᠠᠤ︾ ᠪᠣᠯᠭᠠᠨ ᠬᠤᠪᠢᠷᠠᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠪᠥᠬᠦ ᠬᠦᠴᠦᠨ ᠢᠶᠠᠷ ᠠᠬᠢᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠶ︔ ᠦᠢᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠨᠡᠩ ᠰᠠᠶᠢᠨ ᠨᠡᠩ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ︔ ᠡᠭᠦᠨ ᠤ ᠬᠠᠮᠲᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠢᠳᠠᠪᠤᠷᠢᠵᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ᠂ ᠤᠷᠢᠳᠴᠢᠯᠠᠨ ᠪᠠᠶᠢᠷᠢᠰᠢᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ 2021 ᠣᠨ ᠤ ᠵᠦᠢᠯᠡᠰ ᠢ ᠲᠥᠯᠥᠪᠯᠡᠬᠦ ᠠᠵᠢᠯ ᠢ ᠰᠠᠶᠢᠲᠤᠷ ᠬᠢᠨ᠎ᠡ᠃ ᠵᠢᠢ ᠶᠦᠩ ᠴᠢᠶᠠᠨ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢᠨ ᠬᠠᠮᠲᠤ᠂ ᠠᠶᠤᠯᠭᠦᠶ ᠦᠢᠯᠡᠳᠪᠦᠷᠢᠯᠡᠯ ᠢ ᠡᠷᠬᠡᠪᠰᠢ ᠴᠢᠬᠤᠯᠠ ᠪᠠᠶᠢᠷᠢᠨ ᠳᠤ ᠲᠠᠯᠪᠢᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠠᠳᠡᠯ ᠤᠨ ᠳᠠᠯᠳᠠ ᠭᠡᠮ ᠢ ᠦᠨᠳᠦᠰᠦᠨ ᠠᠴᠠ ᠨᠢ ᠠᠷᠢᠯᠭᠠᠨ᠎ᠠ᠃
    ᠵᠢᠢ ᠶᠦᠩ ᠴᠢᠶᠠᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠠᠵᠢᠯ ᠤᠨ ᠬᠠᠷᠢᠯᠴᠠᠬᠤ ᠴᠡᠭ ᠪᠣᠯᠬᠤ ᠨᠠᠮᠤ ᠣᠷᠴᠣᠨ ᠦᠨᠳᠦᠰᠦᠲᠡᠨ ᠤ ᠰᠢᠶᠠᠩ ᠳ᠋ᠠ ᠰᠢᠩ ᠲᠣᠰᠬᠤᠨ ᠳᠤ ᠬᠦᠷᠴᠦ᠂ ᠲᠣᠰᠬᠤᠨ ᠤ ᠨᠠᠮ ᠤᠨ ᠡᠭᠦᠷ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠭᠦᠨ ᠤ ᠬᠠᠮᠲᠤ ᠬᠠᠮᠤᠭ ᠤᠨ ᠬᠦᠴᠦᠷᠬᠡᠭ ᠨᠠᠮ ᠤᠨ ᠡᠭᠦᠷ ᠢ ᠡᠭᠦᠳᠦᠨ ᠪᠠᠶᠢᠭᠤᠯᠬᠤ ᠪᠠᠷ ᠵᠢᠯᠣᠭᠤᠳᠤᠮᠵᠢ ᠪᠣᠯᠭᠠᠨ ᠦᠨᠳᠦᠰᠦᠨ ᠱᠠᠲᠤᠨ ᠤ ᠡᠯ᠎ᠡ ᠲᠥᠷᠥᠯ ᠤᠨ ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠠᠶ᠃ ᠨᠠᠮ ᠤᠨ ᠭᠡᠰᠢᠭᠦᠳ ᠲᠤ ᠠᠮᠢᠳᠤᠯᠢᠭ ᠰᠠᠶᠢᠬᠠᠨ ᠬᠢᠴᠢᠶᠡᠯ ᠵᠢᠭᠠᠵᠤ ᠥᠭᠪᠡ᠃ ᠲᠡᠷᠡ ᠵᠢᠭᠠᠵᠤ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ ᠬᠥᠮᠦᠵᠢᠯ ᠢ ᠨᠠᠮ ᠤᠨ ᠭᠡᠰᠢᠭᠦᠨ ᠨᠢᠭᠡᠪᠦᠷᠢ ᠳᠤ ᠬᠦᠷᠲᠡᠯ᠎ᠡ ᠦᠷᠭᠦᠯᠵᠢᠯᠡᠭᠦᠯᠵᠦ᠂ ᠪᠥᠬᠦᠳᠡ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠶ ᠣᠶᠢᠯᠠᠭᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠪᠠᠨ ᠨᠢᠭᠡᠳᠬᠡᠨ᠂ ᠦᠢᠯᠡᠳᠦᠯᠬᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ︽ᠬᠠᠮᠤᠭ ᠤᠨ ᠬᠦᠴᠦᠷᠬᠡᠭ ᠨᠠᠮ ᠤᠨ ᠡᠭᠦᠷ︾ ᠢ ᠡᠭᠦᠳᠦᠨ ᠪᠠᠶᠢᠭᠤᠯᠬᠤ ᠠᠰᠢᠭᠲᠠᠢ ᠲᠣᠬᠢᠶᠠᠯ ᠢ ᠠᠳᠬᠤᠵᠤ᠂ ᠦᠨᠳᠦᠰᠦᠨ ᠵᠣᠬᠢᠶᠠᠨ ᠪᠠᠶᠢᠭᠤᠯᠤᠯᠲᠠ᠂ ᠦᠨᠳᠦᠰᠦᠨ ᠡᠩᠨᠡᠭᠡ᠂ ᠦᠨᠳᠦᠰᠦᠨ ᠲᠦᠷᠢᠮ᠂ ᠦᠨᠳᠦᠰᠦᠨ ᠠᠵᠢᠯᠯᠠᠭ᠎ᠠ᠂ ᠦᠨᠳᠦᠰᠦᠨ ᠪᠠᠲᠤᠯᠠᠭ᠎ᠠ᠂ ᠦᠨᠳᠦᠰᠦᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠠᠷᠳᠠᠴᠠ ᠪᠣᠯᠭᠠᠵᠤ᠂ ᠦᠨᠳᠦᠰᠦᠨ ᠱᠠᠲᠤᠨ ᠤ ᠨᠠᠮ ᠤᠨ ᠡᠭᠦᠷ ᠢ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠤᠭᠤᠰᠢᠯᠠᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠪᠠᠶᠢᠭᠤᠯᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠯᠠᠪᠳᠠᠭᠤᠨ ᠪᠠᠲᠤᠲᠠᠶ ᠦᠢᠯᠡᠳᠦᠯᠬᠡᠵᠢᠬᠦᠯᠵᠦ᠂ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠴᠢᠳ ᠤᠨ ᠬᠠᠷᠮᠠᠨ ᠢᠶᠠᠨ ᠭᠦᠳᠦ᠋ᠢᠯᠭᠡᠵᠦ᠂ ᠠᠮᠢᠳᠤᠷᠠᠯ ᠢᠶᠠᠨ ᠴᠢᠨᠡᠭᠡᠯᠢᠭᠵᠢᠭᠦᠯᠵᠦ᠂ ᠤᠯᠠᠨ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃     ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠵᠢᠢ ᠶᠦᠩ ᠴᠢᠶᠠᠨ ᠪᠠᠰᠠ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠲᠤᠬᠠᠶ ᠪᠠᠶᠢᠷᠢᠯᠠᠭᠤᠯᠤᠯᠲᠠ ᠬᠢᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号