ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠡᠶᠢᠭᠡᠮ ᠤᠨ ᠳᠠᠭᠠᠳᠬᠠᠯ ᠤᠨ ᠣᠯᠠᠨ ᠨᠡᠶᠢᠲᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠥᠪ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠶ᠋ᠳᠬᠡᠯ ᠢ ᠱᠠᠲᠤ ᠦᠶ᠎ᠡ ᠶᠢᠨ ᠴᠢᠨᠠᠷᠲᠠᠶ ᠬᠠᠰᠤᠵᠤ ᠭᠡᠯᠳᠦᠷᠢᠭᠦᠯᠬᠦ ᠬᠢᠨᠠᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ
ᠨᠡᠶᠢᠲᠡᠯᠡᠭᠰᠡᠨ ᠴᠠᠭ᠄
2020/11/27
    ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠠᠮᠤᠷ ᠲᠦᠪᠰᠢᠨ ᠢ ᠪᠠᠳᠣᠯᠠᠵᠤ᠂ ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠶᠢᠳᠠᠯ ᠭᠠᠷᠬᠤ ᠶᠢ ᠰᠡᠷᠬᠡᠶᠢᠯᠡᠬᠦ ᠶᠢᠨ ᠲᠥᠯᠦᠭᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠡᠶᠢᠭᠡᠮ ᠤᠨ ᠳᠠᠭᠠᠳᠬᠠᠯ ᠤᠨ ᠬᠠᠮᠢᠶᠠᠷᠤᠯᠲᠠ ᠶᠢᠨ ᠲᠥᠪ ᠨᠢ ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠲᠠᠷᠬᠠᠭᠠᠭᠰᠠᠨ ﹇2020﹈ 9 ᠳ᠋ᠦᠭᠡᠷ ᠲᠣᠭᠠᠲᠤ ᠪᠢᠴᠢᠭ ᠮᠠᠲ᠋ᠧᠷᠢᠶᠠᠯ ᠢ ᠦᠨᠳᠦᠰᠦᠯᠡᠵᠦ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠬᠢᠨᠠᠮᠠᠭᠠᠶ ᠬᠡᠷᠡᠭᠵᠢᠭᠦᠯᠵᠦ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠦᠶ᠎ᠡ ᠶᠢᠨ ᠴᠢᠨᠠᠷᠲᠠᠶ ᠬᠠᠰᠤᠵᠤ ᠬᠡᠯᠲᠦᠷᠢᠭᠦᠯᠬᠦ ᠬᠢᠨᠠᠨ ᠪᠠᠶᠢᠴᠠᠭᠠᠬᠤ ᠠᠵᠢᠯ ᠢ ᠢᠳᠡᠪᠬᠢᠲᠡᠶ ᠪᠠᠷ ᠨᠠᠶᠢᠳᠠᠪᠤᠷᠢᠵᠢᠭᠤᠯᠤᠨ᠎ᠠ᠃     ᠣᠳᠣ ᠪᠣᠯᠲᠠᠯ᠎ᠠ᠂ ᠱᠠᠲᠤ ᠦᠶ᠎ᠡ ᠶᠢᠨ ᠴᠢᠨᠠᠷᠲᠠᠶ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠢᠨᠠᠨ ᠪᠠᠶᠢᠴᠠᠭᠠᠬᠤ ᠠᠵᠢᠯ ᠨᠢᠭᠡᠨᠲᠡ ᠯᠠᠪᠳᠠᠭᠤᠨ ᠢᠶᠠᠷ ᠥᠷᠨᠢᠵᠦ᠂ ᠲᠤᠬᠠᠶᠢᠯᠠᠭᠰᠠᠨ ᠠᠵᠢᠯ ᠤᠨ ᠲᠥᠪ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠬᠥᠳᠡᠯᠮᠦᠷᠢ ᠬᠦᠴᠦᠨ ᠬᠡᠷᠡᠭᠯᠡᠬᠦ ᠶᠢ ᠳᠠᠩᠰᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠲᠤᠭ᠎ᠠ ᠪᠠᠷᠢᠮᠲᠠ ᠶᠢ ᠬᠠᠷᠢᠴᠠᠭᠤᠯᠵᠤ ᠦᠵᠡᠵᠡᠶ᠃ ᠪᠠᠶᠢᠴᠠᠭᠠᠯᠲᠠ ᠪᠠᠷ ᠳᠠᠮᠵᠢᠭᠠᠳ ᠨᠡᠶᠢᠲᠡ 45 ᠠᠵᠤ ᠠᠬᠤᠶᠢᠯᠠᠯ ᠳᠤ ᠠᠮᠢᠳᠤᠯᠢᠭ ᠢᠶᠠᠷ ᠠᠵᠢᠯ ᠣᠯᠤᠭᠰᠠᠨ ᠬᠥᠮᠦᠰ ᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠪᠣᠯᠭᠠᠨ ᠬᠤᠪᠢᠷᠠᠭᠤᠯᠤᠭᠰᠠᠨ ᠪᠠᠢᠳᠠᠯ ᠲᠠᠢ᠂ ᠡᠭᠦᠨ ᠤ ᠬᠠᠮᠲᠤ ᠶᠠᠪᠤᠴᠠ ᠶᠢᠨ ᠱᠠᠭᠠᠷᠳᠠᠯᠭ᠎ᠠ ᠶᠢ ᠦᠨᠳᠦᠰᠦᠯᠡᠨ 45 ᠠᠵᠤ ᠠᠬᠤᠶᠢᠯᠠᠯ ᠡᠭᠦᠨ ᠤ ᠲᠥᠯᠥᠭᠡ ᠬᠤᠯᠪᠣᠭᠳᠠᠯ ᠪᠥᠬᠦᠶ ᠬᠥᠮᠦᠰ ᠤᠨ ᠬᠥᠳᠡᠯᠮᠦᠷᠢ ᠶᠢᠨ ᠭᠡᠷ᠎ᠡ᠂ ᠴᠠᠯᠢᠩ ᠤᠨ ᠬᠦᠰᠦᠨᠦᠭᠲᠦ᠂ ᠠᠵᠢᠯ ᠳᠤ ᠭᠠᠷᠬᠤ ᠶᠢ ᠰᠢᠯᠭᠠᠬᠤ ᠬᠦᠰᠦᠨᠦᠭᠲᠦ᠂ ᠥᠪᠡᠰᠦᠪᠡᠨ ᠪᠠᠶᠢᠴᠠᠭᠠᠭᠰᠠᠨ ᠮᠡᠳᠡᠭᠦᠯᠦᠯᠲᠡ ᠵᠡᠷᠭᠡ ᠮᠠᠲ᠋ᠧᠷᠢᠶᠠᠯ ᠢ ᠬᠠᠩᠭᠠᠬᠤ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号