ᠵᠧᠩ ᠶᠠᠩ ᠵᠡᠭᠡᠯᠢ ᠭᠤᠳᠤᠮᠵᠢ ᠠᠷᠪᠠᠨ ᠳᠥᠷᠪᠡᠳᠦᠭᠡᠷ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/27
    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠲᠣᠭᠲᠠᠭᠤᠨ ᠢᠶᠠᠷ ᠠᠬᠢᠬᠤ ᠶᠢ ᠦᠨᠡᠨᠬᠦ ᠪᠠᠳᠣᠯᠠᠵᠤ ᠂ ᠵᠧᠩ ᠶᠠᠩ ᠵᠡᠭᠡᠯᠢ ᠭᠤᠳᠤᠮᠵᠢ ᠶᠢ ᠰᠠᠬᠢᠨ ᠬᠠᠮᠠᠭᠠᠯᠠᠵᠤ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢᠨ ᠲᠥᠯᠥᠭᠡ ᠠᠷᠪᠠᠨ ᠳᠥᠷᠪᠡᠳᠦᠭᠡᠷ ᠤᠳᠠᠭ᠎ᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠬᠤᠷᠠᠯ ᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠢ ᠶᠦᠩ ᠴᠢᠶᠠᠩ ᠡᠷᠬᠢᠯᠡᠵᠤ᠂ ᠠᠯᠪᠠᠨ ᠭᠡᠷ ᠤᠨ ᠬᠠᠷᠢᠭᠤᠴᠠᠯᠭᠠᠲᠠᠨ ᠵᠢᠴᠢ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ︽ᠪᠥᠬᠦ ᠤᠯᠤᠰ ᠤᠨ ᠬᠢᠵᠢᠭ ᠤᠨ ᠪᠠᠶᠢᠳᠠᠯ ᠳᠠᠬᠢ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠨᠡᠷᠡᠰ ︵2020 ᠣᠨ ᠤ 11 ᠰᠠᠷ᠎ᠠ ᠶᠢᠨ 23 ᠤ ᠡᠳᠦᠷ ᠪᠣᠯᠲᠠᠯ᠎ᠠ︶︾᠂ ︽︵84 ᠳ᠋ᠦᠭᠡᠷ ᠲᠣᠭᠠᠲᠤ︶ ᠤᠨ ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠵᠠᠯᠠᠨ ᠠᠶᠢᠯ ᠬᠤᠲᠠ ᠶᠢᠨ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 31  ᠳ᠋ᠦ᠋ᠭᠡᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃     ᠯᠢ ᠶᠦᠩ ᠴᠢᠶᠠᠩ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠶᠢᠨ ᠲᠤᠬᠠᠶ ᠪᠠᠶᠢᠷᠢᠯᠠᠭᠤᠯᠤᠯᠲᠠ ᠬᠢᠪᠠ᠃ ᠨᠢᠭᠡ ᠳᠤ ᠳᠡᠬᠡᠳᠦ ᠱᠠᠲᠤᠨ ᠤ ᠬᠠᠮᠢᠶ᠎ᠠ ᠪᠦᠬᠦᠢ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠲᠤᠤᠱᠯᠠᠭᠤᠯᠤᠨ ᠨᠠᠢᠳᠠᠪᠤᠷᠢᠵᠢᠭᠤᠯᠬᠤ᠂ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ ᠠᠵᠢᠯ ᠢ ᠱᠠᠯᠠᠪᠳᠠᠨ ᠪᠣᠳᠠᠲᠠᠶ ᠰᠠᠶᠢᠲᠤᠷ ᠠᠳᠬᠤᠵᠤ᠂ 11 ᠳ᠋ᠦ᠋ᠭᠡᠷ ᠰᠠᠷ᠎ᠠ ᠶᠢᠨ 7 ᠤ ᠡᠳᠦᠷ ᠠᠴᠠ ᠰᠡᠭᠦᠯᠡᠷ ᠮᠠᠨᠵᠤᠤᠷ᠂ ᠰᠠᠭᠤᠷᠢᠰᠢᠯ ᠤᠨ ᠣᠷᠣᠨ ᠳᠤ ᠣᠷᠣᠵᠤ ᠢᠷᠡᠭᠰᠡᠨ ᠬᠥᠮᠦᠰ ᠲᠤ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠯᠲᠠ ᠬᠢᠨ᠎ᠠ᠃ ᠬᠤᠶᠠᠷ ᠲᠤ ᠪᠦᠬᠦ ᠠᠵᠢᠯᠲᠠᠨ ᠤ ᠴᠥᠮ᠎ᠡ ᠶᠢᠨ ᠬᠦᠴᠢᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠪᠦᠬᠦ ᠲᠠᠯ᠎ᠠ ᠪᠠᠷ ᠡᠬᠢᠯᠡᠭᠦᠯᠬᠦ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ᠂ ᠡᠯ᠎ᠡ ᠨᠡᠶᠢᠭᠡᠮ ᠲᠣᠭᠤᠷᠢᠭ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠬᠦ ᠲᠠᠯ᠎ᠠ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ᠭᠤᠷᠪᠠ ᠳᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠣᠯᠠᠨ ᠨᠡᠶᠢᠲᠡ ᠶᠢᠨ ᠲᠠᠯᠠᠪᠤᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠨ ᠡᠵᠡᠮᠳᠡᠬᠦ ᠪᠠ ᠬᠢᠨᠠᠨ ᠬᠡᠮᠵᠢᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠬᠡᠷᠡᠭᠲᠡᠶ᠃ ᠳᠥᠷᠪᠡ ᠳᠤ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠦᠷᠭᠦᠯᠵᠢᠯᠡᠨ ᠤᠬᠠᠭᠤᠯᠤᠨ ᠳᠠᠶᠢᠴᠢᠯᠠᠵᠤ᠂ ︽ᠬᠥᠮᠦᠨ ᠨᠢᠭᠡᠪᠦᠷᠢ ᠪᠣᠯ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠶᠢᠯᠠᠭᠠᠭᠳᠠᠬᠤᠨ ᠢ ᠴᠢᠩᠭᠠᠳᠬᠠᠵᠤ᠂ ︽ᠨᠢᠭᠡ ᠮᠧᠲᠷ ᠤᠨ ᠱᠤᠭᠤᠮ︾᠂ ᠭᠠᠷ ᠢᠶᠠᠨ ᠦᠷᠭᠦᠯᠵᠢ ᠤᠬᠢᠶᠠᠬᠤ᠂ ᠠᠮᠠᠪᠴᠢ ᠵᠡᠭᠦᠬᠦ᠂ ᠪᠥᠭᠡᠮᠨᠡᠷᠡᠬᠦ ᠥᠬᠡᠶ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠠ ᠡᠷᠡᠭᠦᠯ ᠮᠡᠨᠳᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号