ᠬᠠᠭᠤᠴᠢᠨ ᠪᠠᠷᠭᠤ ᠬᠤᠰᠢᠭᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢ ᠵᠣᠯᠭᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/3
    10 ᠰᠠᠷ᠎ᠠ ᠶᠢᠨ 16 ᠤ ᠡᠳᠦᠷ᠂ ᠬᠠᠭᠤᠴᠢᠨ ᠪᠠᠷᠭᠤ ᠬᠤᠰᠢᠭᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢ ᠵᠣᠯᠭᠠᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠷᠵᠢᠨ ᠬᠤᠷᠠᠯ ᠢ ᠡᠷᠭᠢᠯᠡᠪᠡ᠃ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ 11 ᠬᠥᠮᠦᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠪᠣᠷᠵᠢᠨ ᠪᠦᠷᠢᠯᠳᠦᠬᠦᠨ ᠨᠢᠭᠡᠴᠢ ᠶᠢᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠠᠵᠢᠯ ᠢ ᠠᠬᠢᠭᠤᠯᠵᠤ ᠪᠠᠶᠢᠭ᠎ᠠ ᠪᠠᠶᠢᠳᠠᠯ ᠵᠢᠴᠢ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠰᠣᠨᠣᠰᠤᠭᠰᠠᠨ ᠪᠥᠭᠡᠳ ᠰᠠᠨᠠᠯ ᠢᠶᠠᠨ ᠰᠣᠯᠢᠯᠴᠠᠪᠠ᠃ ᠪᠣᠷᠵᠢᠨ᠄ ᠡᠯ᠎ᠡ ᠪᠦᠷᠢᠯᠳᠦᠬᠦᠨ ᠨᠢᠭᠡᠴᠢ ᠶᠢᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠢᠳᠡᠨ ᠤ ᠡᠴᠦᠰ ᠤᠨ ᠵᠣᠷᠢᠯᠭ᠎ᠠ ᠪᠣᠯ ᠬᠠᠭᠤᠴᠢᠨ ᠪᠠᠷᠭᠤ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠢ ᠬᠥᠭᠵᠢᠭᠦᠯᠬᠦ ᠡᠨᠡ ᠬᠦ ᠦᠨᠳᠦᠰᠦᠨ ᠵᠣᠷᠢᠯᠭ᠎ᠠ᠂ ᠬᠦᠴᠦᠨ ᠪᠦᠬᠦᠨ ᠢ ᠬᠡᠷᠬᠢᠨ ᠲᠥᠪᠯᠡᠷᠡᠭᠦᠯᠵᠦ ᠪᠠᠶᠢᠭᠠᠳ,ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠬᠤ ᠪᠣᠯ ᠪᠢᠳᠡᠨ ᠤ ᠰᠤᠳᠤᠯᠭᠠᠨ ᠤ ᠠᠭᠤᠯᠭ᠎ᠠ ᠮᠥᠨ,ᠭᠡᠳᠡᠭ ᠢ ᠮᠡᠳᠡᠬᠦ ᠬᠡᠷᠡᠭᠲᠡᠢ᠃     ᠪᠣᠷᠵᠢᠨ ᠴᠢᠬᠤᠯᠠᠴᠢᠯᠠᠭᠰᠠᠨ ᠨᠢ᠂ ᠡᠨᠡ ᠤᠳᠠᠭᠠᠨ ᠤ ᠬᠤᠷᠠᠯ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠡᠯ᠎ᠡ ᠪᠦᠷᠢᠯᠳᠦᠬᠦᠨ ᠨᠢᠭᠡᠴᠢ ᠨᠢ ᠬᠤᠰᠢᠭᠤ ᠨᠠᠮ ᠤᠨ ᠬᠤᠷᠢᠶ᠎ᠠ ᠶᠢᠨ ︽ᠵᠢᠷᠭᠤᠭ᠎ᠠ ᠶᠢ ᠪᠠᠲᠤᠯᠠᠬᠤ︾᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠬᠤᠷᠠᠯ ᠠᠴᠠ ᠪᠠᠰᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠳᠠᠷᠠᠭᠠᠴᠢ ᠶᠢᠨ,ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号