ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠵᠢᠷᠤᠮ ᠢ ᠴᠢᠩᠭ᠎ᠠ ᠠᠳᠬᠤᠵᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ
ᠨᠡᠶᠢᠲᠡᠯᠡᠭᠰᠡᠨ ᠴᠠᠭ᠄
2020/11/3
    ᠣᠶᠢᠷ᠎ᠠ ᠳᠤ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠵᠠᠯᠠᠨ ᠠᠶᠢᠯ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠤᠳᠠᠭᠠᠨ ᠴᠢᠨᠠᠷᠲᠠᠶ ᠡᠪᠡᠳᠴᠢᠨ ᠢ ᠮᠠᠭᠠᠳᠯᠠᠨ ᠲᠣᠭᠲᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠤᠳᠠᠭᠠᠨ ᠴᠢᠨᠠᠷᠲᠠᠶ ᠡᠪᠡᠳᠴᠢᠨ ᠤ ᠪᠠᠶᠢᠴᠠᠭᠠᠯᠲᠠ ᠶᠢᠨ ᠡᠪᠡᠳᠴᠢᠲᠡᠨ ᠢ ᠨᠢᠭᠡᠳᠦᠯᠲᠡᠶ ᠮᠠᠭᠠᠳᠯᠠᠨ ᠲᠣᠭᠲᠠᠭᠠᠪᠠ᠃ ᠤᠳᠠᠭᠠᠨ ᠴᠢᠨᠠᠷᠲᠠᠶ ᠡᠪᠡᠳᠴᠢᠨ ᠢ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠡᠮᠴᠢ ᠶᠢ ᠵᠣᠬᠢᠶᠠᠨ ᠪᠠᠶᠢᠭᠤᠯᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠤᠷᠤᠯᠴᠠᠵᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠪᠠᠨ ᠴᠢᠩᠭᠠᠷᠠᠭᠤᠯᠬᠤ ᠬᠡᠷᠡᠭᠲᠡᠶ᠃ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠢᠦᠢ ᠮᠢ ᠬᠤᠷᠠᠯ ᠳᠤ ᠣᠷᠣᠯᠴᠠᠬᠤ ᠶᠢᠨ ᠬᠠᠮᠲᠤ ᠮᠠᠭᠠᠳᠯᠠᠨ ᠲᠣᠭᠲᠠᠭᠠᠬᠤ ᠶᠠᠪᠤᠴᠠ ᠶᠢ ᠬᠢᠨᠠᠨ ᠵᠢᠯᠣᠭᠤᠳᠪᠠ᠃     ᠬᠤᠷᠠᠯ ᠢ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠮᠠ ᠴᠧᠨ ᠶᠠᠩ ᠡᠷᠭᠢᠯᠡᠪᠡ᠃ ᠨᠢᠭᠡ ᠳᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠢ ᠰᠤᠷᠤᠯᠴᠠᠨ᠎ᠠ︔ ᠬᠤᠶᠠᠷ ᠲᠤ ᠮᠠᠭᠠᠳᠯᠠᠨ ᠲᠣᠭᠲᠠᠭᠠᠬᠤ ᠠᠵᠢᠯ ᠳᠤ ᠪᠣᠳᠠᠲᠠᠶ ᠱᠠᠭᠠᠷᠳᠠᠯᠭ᠎ᠠ ᠭᠠᠷᠭᠠᠪᠠ ︔ ᠭᠤᠷᠪᠠ ᠳᠤ᠂ ᠢᠦᠶ ᠮᠢ ᠨᠥᠬᠦᠷ ᠮᠠᠭᠠᠳᠯᠠᠨ ᠲᠣᠭᠲᠠᠭᠠᠬᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ ᠲᠠᠢ ᠰᠤᠳᠤᠯᠤᠨ ᠶᠠᠷᠢᠯᠴᠠᠬᠤ ᠶᠢᠨ ᠬᠠᠮᠲᠤ ᠪᠦᠬᠦ ᠶᠠᠪᠤᠴᠠ ᠳᠤ ᠬᠢᠨᠠᠯᠲᠠ ᠲᠠᠯᠪᠢᠨ᠎ᠠ︔ ᠳᠥᠷᠪᠡ ᠳᠤ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠠᠵᠢᠯ ᠢ ᠦᠷᠨᠢᠬᠦᠯᠪᠡ᠃     ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠠᠵᠢᠯᠯᠠᠬᠤ ᠳᠤᠭᠤᠶᠢᠯᠠᠩ ᠪᠣᠯᠤᠨ ᠬᠤᠲᠠ ᠶᠢᠨ ᠡᠮᠨᠡᠯᠭᠡ ᠶᠢᠨ ᠬᠤᠷᠢᠶᠠᠨ ᠤ ᠤᠳᠠᠭᠠᠨ ᠴᠢᠨᠠᠷᠲᠠᠶ ᠡᠪᠡᠳᠴᠢᠨ ᠢ ᠮᠠᠭᠠᠳᠯᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠨᠢᠭᠡᠨᠲᠡ ᠪᠡᠶ᠎ᠡ ᠪᠠᠶᠢᠴᠠᠭᠠᠭᠰᠠᠨ 300 ᠬᠤᠪᠢ ᠮᠠᠲ᠋ᠧᠷᠢᠶᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠤᠨ᠎ᠠ᠃ ᠪᠠᠷᠢᠮᠵᠢᠶ᠎ᠠ ᠲᠠᠢ ᠬᠠᠷᠢᠴᠠᠭᠤᠯᠤᠨ ᠨᠠᠷᠢᠨ ᠨᠢᠭᠲᠠ ᠪᠠᠶᠢᠴᠠᠭᠠᠵᠤ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠤᠨ ᠵᠥᠪ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠪᠦᠲᠦᠮᠵᠢᠲᠡᠶ ᠠᠵᠢᠯᠯᠠᠬᠤ ᠶᠢ ᠦᠨᠡᠨᠬᠦ ᠪᠠᠲᠤᠯᠠᠨ᠎ᠠ᠃     ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠦᠢᠯᠡᠴᠢᠯᠡᠭᠡ ᠪᠠᠷ ᠤᠳᠤᠷᠢᠳᠤᠮᠵᠢ ᠪᠣᠯᠭᠠᠵᠤ᠂ ᠤᠳᠠᠭᠠᠨ ᠴᠢᠨᠠᠷᠲᠠᠶ ᠡᠪᠡᠳᠴᠢᠨ ᠢ ᠮᠠᠭᠠᠳᠯᠠᠨ ᠲᠣᠭᠲᠠᠭᠠᠬᠤ ᠶᠠᠪᠤᠴᠠ ᠶᠢ ᠰᠢᠯᠢᠳᠡᠭᠵᠢᠭᠦᠯᠵᠦ᠂ ᠬᠢᠨᠠᠨ ᠲᠣᠭᠲᠠᠭᠠᠵᠤ ᠮᠠᠭᠠᠳᠯᠠᠨ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠨᠡᠮᠡᠭᠳᠡᠭᠦᠯᠵᠦ᠂ ᠨᠠᠩ ᠣᠯᠠᠨ ᠤᠳᠠᠭᠠᠨ ᠴᠢᠨᠠᠷᠲᠠᠶ ᠡᠪᠡᠳᠴᠢᠲᠡᠨ ᠤ ᠴᠠᠭ ᠲᠤᠬᠠᠶ ᠳᠤᠨᠢ ᠣᠯᠭᠤᠮᠵᠢ ᠬᠦᠷᠲᠡᠬᠦ ᠶᠢ ᠪᠠᠲᠤᠯᠠᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠢᠯᠢᠳᠡᠭᠵᠢᠬᠦᠯᠪᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号