ᠬᠥᠮᠦᠨ ᠦ ᠬᠦᠴᠦᠨ ᠦ ᠡᠬᠢ ᠪᠠᠶᠠᠯᠢᠭ ᠪᠠ ᠨᠡᠶᠢᠭᠡᠮ ᠦᠨ ᠪᠠᠲᠤᠯᠠᠭ᠎ᠠ ᠶᠢᠨ ᠲᠣᠪᠴᠢᠶ᠎ᠠ ᠠᠵᠢᠯ ᠦᠶᠯᠡᠰ ᠦᠨ ᠨᠢᠭᠡᠴᠡ ᠶᠢᠨ ᠵᠢᠩᠬᠢᠨᠢ ᠠᠵᠢᠯᠲᠠᠨ ᠠᠵᠢᠯᠴᠢᠨ ᠤ ᠠᠵᠤ ᠠᠬᠤᠶᠢᠯᠠᠯ ᠳᠤ ᠨᠥᠬᠥᠨ ᠲᠤᠰᠢᠶᠠᠬᠤ ᠨᠡᠶᠢᠭᠡᠮ ᠦᠨ ᠳᠠᠭᠠᠳᠬᠠᠯ ᠤᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/11/3
    ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠣᠯᠠᠨ ᠨᠡᠶᠢᠲᠡ ᠶᠢᠨ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠥᠪ ᠨᠢ ᠬᠦᠯᠦᠨ ᠪᠤᠶᠢᠷ ᠤᠨ ᠨᠡᠶᠢᠭᠡᠮ ᠲᠠᠷᠬᠠᠭᠠᠭᠰᠠᠨ 2019 ᠣᠨ ᠤ ﹇34﹈ ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠵᠠᠷᠤᠳᠠᠯ ᠲᠤᠰᠢᠶᠠᠭᠰᠠᠨ ᠵᠢᠯ ᠬᠤᠭᠤᠴᠠᠭ᠎ᠠ ᠪᠠᠷ ᠦᠵᠡᠬᠦ ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠠᠵᠢᠯᠲᠠᠨ ᠠᠵᠢᠯᠴᠢᠨ ᠤ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠢ ᠨᠥᠬᠦᠨ ᠲᠤᠰᠢᠶᠠᠬᠤ ᠠᠵᠢᠯ ᠢ ᠦᠷᠨᠢᠬᠦᠯᠪᠡ᠃ ᠣᠳᠣᠬᠠᠨ ᠪᠣᠯᠲᠠᠯ᠎ᠠ᠂ ᠲᠤᠬᠠᠶᠢᠯᠠᠭᠰᠠᠨ ᠠᠵᠢᠯ ᠤᠨ ᠲᠥᠪ ᠨᠡᠶᠢᠲᠡ 30 ᠭᠠᠷᠤᠶ ᠨᠢᠭᠡᠴᠡ ᠳᠤ᠂ ᠨᠡᠶᠢᠲᠡ 67 ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠠᠵᠢᠯᠲᠠᠨ ᠠᠵᠢᠯᠴᠢᠨ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠲᠤᠰᠢᠶᠠᠬᠤ ᠠᠵᠢᠯ ᠢ  ᠬᠦᠢᠴᠡᠳᠬᠡᠭᠰᠡᠨ ᠪᠠᠶᠢᠨ᠎ᠠ᠃     ᠬᠤᠯᠪᠣᠭᠳᠠᠬᠤ ᠨᠢᠭᠡᠴᠡ ᠨᠢ ᠨᠡᠯᠢᠶᠡᠳ ᠣᠯᠠᠨ᠂ ᠬᠥᠮᠦᠨ ᠨᠢ ᠲᠠᠷᠠᠬᠠᠶ ᠪᠤᠲᠠᠷᠬᠠᠶ ᠪᠣᠯᠬᠤᠷ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠯᠢᠶᠡᠳ ᠶᠡᠭᠡ ᠪᠠᠶᠢᠳᠠᠭ᠃ ᠲᠤᠬᠠᠶᠢᠯᠠᠭᠰᠠᠨ ᠠᠵᠢᠯ ᠤᠨ ᠲᠥᠪ ᠠᠴᠠ ᠲᠤᠰᠬᠠᠶ ᠬᠥᠮᠦᠨ ᠲᠣᠬᠢᠷᠠᠭᠤᠯᠵᠤ ᠡᠨᠡ ᠬᠦ ᠠᠵᠢᠯ ᠢ ᠬᠠᠷᠢᠭᠤᠴᠠᠭᠤᠯᠵᠤ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠶᠠᠪᠤᠴᠠ ᠳᠤ᠂ ᠬᠤᠯᠪᠣᠭᠳᠠᠯ ᠪᠦᠬᠦᠢ ᠨᠡᠶᠢᠭᠡᠮ ᠤᠨ ᠳᠠᠭᠠᠳᠬᠠᠯ ᠤᠨ ᠨᠥᠬᠦᠨ ᠲᠤᠰᠢᠶᠠᠬᠤ ᠠᠵᠢᠯ ᠢ ᠬᠢᠬᠦ ᠪᠠᠷ ᠢᠷᠡᠭᠰᠡᠨ ᠡᠯ᠎ᠡ ᠨᠢᠭᠡᠴᠡ ᠶᠢᠨ ᠬᠥᠳᠡᠯᠮᠦᠷᠢ ᠴᠠᠯᠢᠩ ᠤᠨ ᠬᠥᠮᠦᠰ ᠲᠤ ᠢᠳᠡᠪᠬᠢᠲᠡᠢ ᠬᠠᠪᠰᠤᠷᠤᠯᠭ᠎ᠠ ᠦᠵᠡᠭᠦᠯᠵᠦ᠂ ᠬᠠᠩᠭᠠᠬᠤ ᠴᠢᠬᠤᠯᠠᠲᠠᠶ ᠬᠠᠮᠢᠶ᠎ᠠ ᠪᠥᠬᠦᠶ ᠨᠥᠬᠦᠨ ᠲᠤᠰᠢᠶᠠᠬᠤ ᠭᠠᠷᠳᠠᠮ ᠢ ᠨᠢᠭᠡ ᠯᠡ ᠤᠳᠠᠭ᠎ᠠ ᠳᠤ ᠮᠡᠳᠡᠭᠳᠡᠬᠦᠯᠵᠦ᠂ ᠲᠤᠬᠠᠶᠢᠯᠠᠭᠰᠠᠨ ᠠᠵᠢᠯ ᠤᠨ ᠲᠥᠪ ᠠᠴᠠ ᠨᠡᠶᠢᠭᠡᠮ ᠤᠨ ᠳᠠᠭᠠᠳᠬᠠᠯ ᠢ ᠨᠥᠬᠦᠨ ᠲᠤᠰᠢᠶᠠᠬᠤ ᠬᠡᠷᠡᠭᠲᠡᠶ᠃     ᠡᠨᠡᠬᠦ ᠠᠵᠢᠯ ᠨᠢ ᠠᠵᠢᠯ ᠳᠤ  ᠪᠠᠶᠢᠭ᠎ᠠ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠡᠷᠬᠡ ᠠᠰᠢᠭ ᠢ ᠪᠦᠲᠦᠮᠵᠢᠲᠡᠶ ᠪᠠᠲᠤᠯᠠᠵᠤ᠂ ᠪᠠᠰᠠ ᠲᠣᠰ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠣᠯᠭᠤᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠵᠠᠯᠠᠨ ᠠᠶᠢᠯ ᠬᠤᠲᠠ ᠶᠢᠨ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号