ᠮᠠᠨ ᠤ ᠬᠤᠲᠠ ᠬᠦᠢᠲᠡᠨ ᠬᠡᠯᠬᠢᠶᠡᠲᠦ ᠡᠳ᠋ ᠪᠠᠷᠠᠭ᠎ᠠ ᠶᠢᠨᠬᠦᠢᠯᠭᠡᠭᠡᠨ ᠤ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠬᠦᠢᠲᠡᠨ ᠬᠡᠯᠬᠢᠶᠡᠲᠦ ᠡᠳ᠋ ᠪᠣᠳᠠᠰ ᠤᠨ ᠢᠳᠡᠭᠡᠨ ᠤ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2020/12/1
    ᠨᠠᠮᠤᠷ ᠡᠪᠦᠯ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠦᠢᠳᠡᠨ ᠬᠡᠯᠬᠢᠶᠡᠲᠦ ᠪᠠᠷᠠᠭᠠᠨ ᠤ  ᠬᠦᠢᠯᠬᠡᠬᠡᠨ ᠤ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠠᠳᠬᠤᠬᠤ ᠶᠢᠨ ᠲᠥ᠋ᠯᠥᠭᠡ 11 ᠰᠠᠷ᠎ᠠ ᠶᠢᠨ 26 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ ᠳ᠋ᠦ᠋ ᠮᠢᠩ ᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠢ ᠳᠠᠭᠠᠭᠤᠯᠤᠨ ᠮᠠᠨ ᠤ ᠬᠤᠲᠠ ᠶᠢᠨ ᠬᠦᠢᠳᠡᠨ ᠬᠡᠯᠬᠢᠶᠡᠲᠦ ᠪᠠᠷᠠᠭᠠᠨ ᠤ ᠬᠦᠢᠯᠬᠡᠬᠡᠨ ᠤ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠯᠲᠠ ᠬᠢᠪᠠ᠃
    ᠳ᠋ᠦ᠋ ᠮᠢᠩ ᠶᠠᠨ ᠨᠠᠷ ᠤᠷᠢᠳ ᠬᠤᠵᠢᠳ ᠵᠠᠯᠠᠨ ᠠᠶᠢᠯ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠾᠧᠩ ᠶᠤᠸᠠᠨ ᠪᠠᠷᠠᠭ᠎ᠠ ᠵᠢᠨ‌‍ᠬᠦ᠋ᠢᠯᠬᠡᠬᠡ᠂ ᠪᠢᠩ ᠰᠢᠨ ᠲᠠᠷᠢᠶᠠᠯᠠᠩ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠦ ᠲᠤᠬᠠᠶ ᠶᠢᠨ ᠭᠠᠵᠠᠷ ᠤᠨ ᠪᠠᠶᠢᠴᠠᠭᠠᠯᠲᠠ ᠬᠢᠵᠡᠶ᠃ ᠡᠯ᠎ᠡ ᠵᠦᠢᠯ ᠤᠨ ᠬᠦᠢᠲᠡᠨ ᠬᠡᠯᠬᠢᠶᠡᠲᠦ ᠪᠠᠷᠠᠭ᠎ᠠ ᠶᠢᠨ ᠬᠦᠢᠯᠬᠡᠬᠡᠨ ᠤ ᠠᠵᠤ ᠠᠬᠤᠶᠢᠯᠠᠯ ᠤᠨ ᠪᠠᠷᠠᠭ᠎ᠠ ᠶᠢᠨ ᠬᠦᠢᠯᠬᠡᠬᠡᠨ ᠤ ᠪᠠᠷᠠᠭ᠎ᠠ ᠶᠢ ᠤᠰᠠᠳᠬᠠᠬᠤ᠂ ᠬᠦᠢᠲᠡᠨ ᠬᠡᠯᠬᠢᠶᠡᠲᠦ ᠢᠳᠡᠭᠡᠨ ᠢ ᠬᠠᠳᠠᠭᠠᠯᠠᠬᠤ᠂ ᠮᠥᠷᠳᠡᠨ ᠤᠬᠤᠴᠢᠯᠠᠬᠤ ᠬᠠᠮᠢᠶᠠᠷᠤᠯᠲᠠ᠂ ᠭᠠᠳᠠᠭᠠᠳᠤ ᠠᠴᠠ ᠣᠷᠣᠭᠤᠯᠬᠤ ᠬᠦᠢᠲᠡᠨ ᠬᠡᠯᠬᠢᠶᠡᠲᠦ ᠢᠳᠡᠭᠡᠨ ᠤ ᠠᠶᠤᠯ ᠦᠭᠡᠢ ᠴᠢᠨᠠᠷ ᠵᠢᠴᠢ ᠠᠵᠤ ᠠᠬᠤᠶᠢᠯᠠᠯ ᠤᠨ ᠬᠢᠵᠢᠭ ᠰᠡᠷᠭᠡᠶᠢᠯᠡᠬᠦ ᠡᠳ᠋ ᠪᠠᠷᠠᠭ᠎ᠠ ᠨᠥᠭᠡᠴᠡᠯᠡᠬᠦ᠂ ᠠᠵᠢᠯ ᠡᠷᠬᠢᠯᠡᠭᠰᠡᠳ ᠤᠨ ᠰᠡᠷᠭᠡᠶᠢᠯᠡᠯᠲᠡ᠂ ᠲᠤᠬᠠᠶ ᠶᠢᠨ ᠲᠠᠯᠠᠪᠠᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
    ᠪᠠᠶᠢᠴᠠᠭᠠᠬᠤ ᠳᠤᠭᠤᠶᠢᠯᠠᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠬᠦᠢᠲᠡᠨ ᠬᠡᠯᠬᠢᠶᠡᠲᠦ ᠭᠤᠭᠴᠤᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠳᠤ ᠥᠴᠦᠬᠡᠨ ᠴᠦ ᠠᠯᠳᠠᠰᠢ ᠭᠠᠷᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ︔ ᠡᠭᠦᠨ ᠤ ᠬᠠᠮᠲᠤ᠂ ᠬᠦᠢᠲᠡᠨ ᠬᠡᠯᠬᠢᠶᠡᠲᠦ ᠪᠠᠷᠠᠭ᠎ᠠ ᠵᠢᠨ‌‍ᠬᠦ᠋ᠢᠯᠬᠡᠬᠡᠨ ᠤ ᠠᠵᠢᠯ ᠲᠥᠷᠥᠯ ᠢ ᠵᠢᠯᠣᠭᠤᠳᠬᠤ᠂ ᠬᠠᠮᠢᠶᠠᠷᠬᠤ ᠪᠠ ᠦᠢᠯᠡᠴᠢᠯᠡᠬᠦ ᠶᠢ ᠰᠠᠶᠢᠲᠤᠷ ᠬᠢᠵᠦ᠂ ᠡᠳ᠋ ᠪᠣᠳᠠᠰ ᠢᠳᠡᠭᠡᠨ ᠤ ᠵᠦᠢᠯ ᠢ ᠤᠰᠠᠳᠬᠠᠬᠤ ᠵᠢᠴᠢ ᠠᠵᠢᠯᠲᠠᠨ ᠤ ᠬᠠᠮᠠᠭᠠᠯᠠᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠦᠢᠲᠡᠨ ᠬᠡᠯᠬᠢᠶᠡᠲᠦ ᠪᠠᠷᠠᠭᠠᠨ ᠤ ᠬᠦᠢᠯᠬᠡᠬᠡᠨ ᠤ ᠠᠵᠢᠯ ᠲᠥᠷᠥᠯ ᠤᠨ ᠬᠥᠭᠵᠢᠯᠲᠡ ᠶᠢ ᠠᠬᠢᠭᠤᠯᠬᠤ ᠶᠢ ᠨᠡᠮᠡᠭᠳᠡᠯ ᠢ ᠲᠣᠭᠲᠠᠪᠤᠷᠢᠵᠢᠭᠤᠯᠬᠤ ᠬᠡᠷᠡᠭᠯᠡᠭᠡ ᠶᠢ ᠠᠬᠢᠭᠤᠯᠬᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ‍ ᠨᠢᠭᠡ ᠵᠦᠶ᠋ᠯ ᠤᠨ ᠴᠢᠬᠤᠯᠠ ᠠᠵᠢᠯ ᠪᠣᠯᠭᠠᠨ ᠰᠠᠶᠢᠲᠤᠷ ᠠᠳᠬᠤᠵᠠᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠠᠵᠢᠯ ᠤᠨ ᠵᠣᠯᠭᠠᠯᠲᠠ ᠶᠢ ᠴᠢᠩᠭᠠᠳᠬᠠᠵᠤ᠂ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠵᠤ᠂ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠦᠢᠲᠡᠨ ᠬᠡᠯᠬᠢᠶᠡᠲᠦ ᠪᠠᠷᠠᠭ᠎ᠠ ᠶᠢᠨ ᠬᠦᠢᠯᠬᠡᠬᠡᠨ ᠤ ᠠᠵᠢᠯ ᠲᠥᠷᠥᠯ ᠤᠨ ᠡᠷᠡᠭᠦᠯ ᠢᠶᠠᠷ ᠲᠦᠷᠭᠡᠨ ᠬᠥᠭᠵᠢᠬᠦ ᠶᠢ ᠠᠬᠢᠭᠤᠯᠵᠤ᠂ ᠬᠢᠵᠢᠭ ᠢ ᠰᠡᠷᠭᠡᠶᠢᠯᠡᠬᠦ ᠪᠠᠶᠢᠳᠠᠯ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃      ᠣᠶᠢᠯᠠᠭᠠᠭᠰᠠᠨ ᠢᠶᠠᠷ᠂ 11 ᠰᠠᠷ᠎ᠠ ᠶᠢᠨ 26 ᠤ ᠡᠳᠦᠷ ᠤᠨ 9 ᠴᠠᠭ ᠪᠣᠯᠲᠠᠯ᠎ᠠ᠂ ᠮᠠᠨ ᠤ ᠬᠤᠲᠠ ᠨᠢᠭᠡᠨᠲᠡ 188 ᠢᠳᠡᠭᠡᠨ ᠤ ᠬᠦᠢᠯᠬᠡᠬᠡᠨ ᠤ ᠡᠵᠡᠩᠨᠡᠯᠲᠡ ᠶᠢᠨ ᠨᠢᠭᠡᠴᠢ ᠵᠢᠴᠢ 58 ᠢᠳᠡᠭᠡᠨ ᠤᠮᠳᠠᠭᠠᠨ ᠤ ᠨᠢᠭᠡᠴᠢ ᠳᠤ ᠪᠠᠶᠢᠴᠠᠭᠠᠯᠲᠠ ᠬᠢᠵᠡᠶ᠃ 11 ᠰᠠᠷ᠎ᠠ ᠶᠢᠨ 8 ᠤ ᠡᠳᠦᠷ ᠡᠮᠦᠨᠡᠰᠢ ᠬᠤᠳᠠᠯᠳᠤᠨ ᠠᠪᠤᠭᠰᠠᠨ 96 ᠪᠦᠯᠦᠭ ᠤᠳᠠᠭ᠎ᠠ᠂ 38617.05 ᠺᠢᠯᠣᠭ᠍ᠷᠠᠮ ᠬᠤᠯᠪᠣᠭᠳᠠᠵᠤ᠂ ᠴᠥᠮ ᠪᠥᠭᠡᠮ ᠬᠦᠴᠢᠯ ᠤᠨ ᠪᠠᠶᠢᠴᠠᠭᠠᠨ ᠬᠡᠮᠵᠢᠭᠰᠡᠨ ᠮᠡᠳᠡᠭᠦᠯᠦᠯᠲᠡ ᠪᠠ ᠠᠷᠢᠭᠤᠳᠬᠠᠭᠰᠠᠨ ᠭᠡᠷᠡᠴᠢ ᠦᠭᠡᠢ ᠪᠠᠶᠢᠵᠤ᠂ ᠲᠤᠬᠠᠶ ᠶᠢᠨ ᠭᠠᠵᠠᠷ ᠲᠤᠨᠢ ᠪᠢᠲᠡᠭᠦᠮᠵᠢᠯᠡᠨ ᠬᠠᠳᠠᠭᠠᠯᠠᠬᠤ ᠠᠷᠭ᠎ᠠ ᠬᠡᠮᠵᠢᠶ᠎ᠡ ᠠᠪᠴᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠲᠠᠢ 5 ᠡᠭᠦᠯᠳᠡᠷ᠂ 8 ᠪᠦᠯᠦᠭ ᠤᠳᠠᠭ᠎ᠠ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠳᠤ ᠳᠠᠬᠢᠨᠲᠠ ᠪᠥᠭᠡᠮ ᠬᠦᠴᠢᠯ ᠤᠨ ᠦᠯᠢᠭᠡᠷ ᠠᠪᠬᠤ ᠶᠢ ᠬᠡᠷᠡᠭᠵᠢᠭᠦᠯᠵᠡᠶ᠃ ᠬᠠᠮᠢᠶ᠎ᠠ ᠪᠦᠬᠦᠢ ᠨᠢᠭᠡᠴᠡ ᠶᠢᠨ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠢᠳᠡᠭᠡᠨ ᠤ ᠬᠠᠷᠢᠴᠠᠯᠠᠰᠢ ᠦᠭᠡᠢ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤ ᠳᠠᠷᠠᠭ᠎ᠠ ᠰᠠᠶ᠋ᠢ ᠪᠣᠷᠣᠯᠠᠭᠤᠯᠵᠤ ᠪᠣᠯᠤᠨ᠎ᠠ᠃     ᠳᠠᠷᠠᠭ᠎ᠠ ᠠᠯᠬᠤᠮ ᠳᠤ᠂ ᠮᠠᠨ ᠤ ᠬᠤᠲᠠ ᠢᠳᠡᠭᠡᠨ ᠤ ᠠᠮᠤᠷ ᠲᠦᠪᠰᠢᠨ᠂ ᠰᠡᠷᠭᠡᠶᠢᠯᠡᠨ ᠬᠠᠮᠠᠭᠠᠯᠠᠬᠤ ᠪᠣᠳᠠᠰ ᠤᠨ ᠦᠶ᠋ᠯᠡᠳᠬᠦᠨ ᠤ ᠶᠠᠰᠤ ᠴᠢᠨᠠᠷ ᠵᠡᠷᠭᠡ ᠲᠠᠯ᠎ᠠ ᠪᠠᠷ ᠴᠢᠩᠭ᠎ᠠ ᠬᠢᠨᠠᠨ ᠬᠠᠮᠢᠶᠠᠷᠴᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠢᠢᠳᠪᠦᠷᠢᠯᠡᠵᠦ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠳᠤ ᠠᠮᠤᠷ ᠲᠦᠪᠰᠢᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠨ᠎ᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号