2020 ᠤᠨ 11 ᠰᠠᠷ᠎ᠠ ᠶᠢᠨ 29 ᠤ ᠡᠳᠦᠷ ᠤᠨ 7 ᠴᠠᠭ ᠠᠴᠠ 11 ᠰᠠᠷ᠎ᠠ ᠶᠢᠨ 30 ᠤ ᠡᠳᠦᠷ ᠤᠨ 7 | ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠮᠠᠨᠵᠤᠤᠷ ᠬᠤᠲᠠ ᠶᠢᠨ | ᠲᠣᠰ ᠭᠠᠵᠠᠷ ᠣᠷᠣᠨ ᠤ ᠣᠨᠣᠰᠢᠯᠠᠭᠰᠠᠨ ᠡᠪᠡᠳᠴᠢᠨ ᠤ ᠵᠢᠱᠢᠶ᠎ᠡ 3 ︵ᠡᠭᠦᠨ ᠳᠤ 1 ᠨᠢ ᠡᠪᠡᠳᠴᠢᠨ ᠤ ᠢᠯᠡᠷᠡᠯ | ᠥᠬᠡᠶ ᠬᠠᠯᠳᠠᠪᠤᠷᠢᠯᠠᠭᠰᠠᠳ ᠨᠢ ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠤᠨ᠎ᠠ︶᠂ ᠡᠪᠡᠳᠴᠢᠨ ᠤ ᠢᠯᠡᠷᠡᠯ ᠥᠬᠡᠶ | ᠬᠠᠯᠳᠠᠪᠤᠷᠢᠯᠠᠭᠰᠠᠳ 3 ᠨᠢ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᠡᠮᠨᠡᠵᠦ ᠡᠳᠡᠭᠡᠷᠡᠭᠡᠳ ᠡᠮᠨᠡᠯᠭᠡ ᠠᠴᠠ ᠭᠠᠷᠤᠭᠰᠠᠨ | 2 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠠᠴᠠ ᠬᠥᠬᠡᠬᠤᠲᠠ ᠶᠢᠨ | ᠴᠠᠭᠠᠨ ᠰᠤᠪᠤᠷᠭ᠎ᠠ ᠶᠢᠨ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠰᠢᠯᠵᠢᠭᠦᠯᠪᠡ︶᠃ | 2020 ᠣᠨ ᠤ 11 ᠰᠠᠷ᠎ᠠ ᠶᠢᠨ 30 ᠤ ᠡᠳᠦᠷ ᠤᠨ 7 ᠴᠠᠭ ᠪᠣᠯᠲᠠᠯ᠎ᠠ᠂ ᠣᠳᠣ ᠲᠤᠰ ᠭᠠᠵᠠᠷ ᠤᠨ 14 | ᠡᠪᠡᠳᠴᠢᠨ ᠤ ᠵᠢᠱᠢᠶ᠎ᠡ᠂ 2 ᠡᠪᠡᠳᠴᠢᠨ ᠤ ᠰᠡᠵᠢᠭ ᠲᠠᠢ ᠵᠢᠱᠢᠶ᠎ᠡ᠂ 4 ᠡᠪᠡᠳᠴᠢᠨ ᠤ ᠢᠯᠡᠷᠡᠯ ᠦᠭᠡᠢ | ᠬᠠᠯᠳᠠᠪᠤᠷᠢᠯᠠᠭᠰᠠᠨ ᠬᠥᠮᠦᠨ᠂ ᠪᠦᠷ ᠮᠠᠨᠵᠤᠤᠷ ᠬᠤᠲᠠ ᠶᠢᠨ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶᠠᠨ ᠳᠤ | ᠲᠤᠰᠠᠭᠠᠷᠯᠠᠵᠤ ᠡᠮᠨᠡᠨ ᠵᠠᠰᠠᠵᠤ ᠪᠠᠶᠢᠨ᠎ᠠ᠃ ᠤᠷᠤᠰᠬᠠᠯ ᠡᠪᠰᠡᠬᠦ ᠡᠬᠢ ᠶᠢ ᠨᠢ ᠡᠷᠢᠬᠦ ᠠᠵᠢᠯ ᠮᠥᠨ ᠢᠵᠢᠯ | ᠠᠯᠬᠤᠮ ᠢᠶᠠᠷ ᠶᠠᠪᠤᠭᠳᠠᠵᠤ ᠪᠠᠶᠢᠨ᠎ᠠ᠃ 940 ᠬᠥᠮᠦᠨ ᠢ ᠨᠢᠭᠡᠨᠲᠡ ᠪᠠᠶᠢᠴᠠᠭᠠᠨ ᠭᠠᠷᠭᠠᠵᠤ᠂ ᠠᠨᠠᠭᠠᠬᠤ ᠤᠬᠠᠭᠠᠨ ᠤ | ᠠᠵᠢᠭᠯᠠᠯᠲᠠ ᠨᠢ ᠴᠥᠮ ᠲᠥᠪᠯᠡᠷᠡᠭᠦᠯᠦᠨ ᠲᠤᠰᠠᠭᠠᠷᠯᠠᠵᠠᠶ᠃ | ᠣᠳᠣ ᠬᠢᠯᠢ ᠶᠢᠨ ᠭᠠᠳᠠᠨ᠎ᠠ ᠣᠷᠣᠭᠤᠯᠵᠤ ᠣᠨᠣᠰᠢᠯᠠᠭᠰᠠᠨ ᠡᠪᠡᠳᠴᠢᠨ ᠤ ᠵᠢᠱᠢᠶ᠎ᠡ 4 ᠪᠠᠶᠢᠵᠤ᠂ ᠪᠦᠷ | ᠲᠣᠭᠲᠠᠭᠰᠠᠨ ᠴᠢᠭ ᠤᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠵᠤ ᠡᠮᠨᠡᠨ ᠵᠠᠰᠠᠵᠠᠶ᠃ ᠪᠦᠬᠦ ᠶᠠᠪᠤᠴᠠ ᠳᠤ | ᠪᠢᠲᠡᠭᠦᠤ ᠴᠠᠭᠠᠷᠢᠭᠲᠤ ᠬᠠᠮᠢᠶᠠᠷᠤᠯᠲᠠ ᠶᠢ ᠬᠡᠷᠡᠭᠵᠢᠭᠦᠯᠵᠦ᠂ ᠬᠢᠵᠢᠭ ᠤᠨ ᠥᠷᠭᠡᠵᠢᠨ ᠳᠡᠯᠭᠡᠷᠡᠬᠦ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ ︵ᠬᠤᠸᠠᠩ ᠯᠢ ᠬᠤᠸᠠ ᠡᠬᠡ ᠪᠢᠴᠢᠭ ᠬᠠᠩᠭᠠᠪᠠ︶ |