ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ︽ᠮᠥᠰᠥ ᠴᠠᠰᠤᠨ ᠤ ᠣᠷᠭᠢᠯᠤᠮ᠎ᠠ ᠬᠠᠯᠠᠭᠤᠨ ᠰᠡᠳᠬᠢᠯᠭᠡ ᠶᠢ ᠨᠣᠴᠣᠭᠠᠵᠤ ᠳᠤᠮᠳᠠᠳᠤ ᠤᠯᠤᠰ ᠤᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠭᠤᠤᠯ ᠰᠡᠳᠦᠪ ᠲᠤ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2020/12/1
     ᠣᠶᠢᠷ᠎ᠠ ᠳᠤ᠂ ᠬᠤᠲᠠ ᠶᠢᠨ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ ᠤᠨ ᠨᠠᠮ ᠤᠨ ᠡᠭᠦᠷ ᠨᠠᠮ ᠤᠨ ᠭᠡᠰᠢᠭᠦᠨ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ ᠶᠢᠨ ᠯᠦᠩ ᠱᠠᠨ ᠴᠠᠰᠤ ᠭᠤᠯᠭᠤᠬᠤ ᠲᠠᠯᠠᠪᠠᠶ ᠳᠤ《 ᠮᠥᠰᠥ ᠴᠠᠰᠤ ᠶᠢᠨ ᠬᠠᠯᠠᠭᠤᠨ ᠰᠡᠳᠬᠢᠯᠭᠡ ᠶᠢ ᠬᠥᠪᠴᠢᠯᠡᠵᠦ᠂ ᠳᠤᠮᠳᠠᠳᠤ ᠤᠯᠤᠰ ᠤᠨ ᠬᠦᠰᠡᠯ ᠵᠡᠭᠦᠳᠦ ᠶᠢ ᠨᠢᠰᠬᠡᠬᠦ 》ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠠᠶ᠃ ᠣᠯᠠᠨ ᠢ ᠭᠡᠷ ᠠᠴᠠ ᠪᠠᠨ ᠭᠠᠷᠴᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠳᠤ ᠣᠷᠣᠯᠴᠠᠬᠤ ᠶᠢ ᠵᠣᠷᠢᠭᠵᠢᠭᠤᠯᠤᠭᠰᠠᠨ‌‍ᠪᠠᠶᠢᠨ᠎ᠠ᠃      ᠴᠠᠰᠤᠨ ᠲᠠᠯᠠᠪᠠᠢ ᠳᠤ ᠣᠷᠣᠵᠤ ᠨᠠᠮ ᠤᠨ ᠭᠡᠰᠢᠭᠦᠳ ᠨᠠᠮ ᠳᠤ ᠣᠷᠣᠬᠤ ᠲᠠᠩᠭᠠᠷᠢᠭ ᠢ ᠳᠠᠬᠢᠨ ᠡᠷᠭᠢᠴᠡᠭᠦᠯᠪᠡ ᠃ ᠨᠠᠮ ᠤᠨ ᠡᠭᠦᠷ ᠤᠨ ᠱᠦᠵᠢ ᠣᠯᠠᠨ ᠳᠤ ᠴᠠᠨᠠᠯᠠᠬᠤ ᠬᠠᠪᠲᠠᠰᠤ ᠶᠢ ᠵᠥᠪ ᠣᠨᠣᠪᠴᠢᠲᠠᠶ ᠨᠡᠪᠲᠡᠯᠦᠨ ᠪᠠᠭᠤᠯᠭᠠᠬᠤ ᠠᠷᠭ᠎ᠠ ᠪᠠᠷᠢᠯ᠂ ᠴᠠᠰᠤ ᠭᠤᠯᠭᠤᠬᠤ ᠳᠤ ᠡᠵᠡᠮᠰᠢᠭᠰᠡᠨ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠦᠭᠴᠦ᠂ ᠡᠭᠦᠨ ᠳᠤ ᠵᠥᠪ ᠤᠨᠠᠬᠤ ᠬᠡᠯᠪᠡᠷᠢ᠂ ᠵᠥᠪ ᠵᠣᠭᠰᠣᠬᠤ ᠬᠡᠯᠪᠡᠷᠢ᠂ ᠠᠩᠬ᠎ᠠ ᠵᠡᠷᠭᠡ ᠶᠢᠨ ᠴᠠᠰᠤᠨ ᠳᠤ ᠭᠤᠯᠭᠤᠬᠤ ᠬᠥᠮᠦᠰ ᠤᠨ ᠴᠠᠰᠤᠨ ᠪᠠᠶᠢᠯᠳᠤᠭᠠᠨ ᠠᠳᠬᠤᠬᠤ ᠠᠷᠭ᠎ᠠ ᠮᠠᠶ᠋ᠢᠭ ᠵᠡᠷᠭᠡ ᠠᠩᠬᠠᠷᠬᠤ ᠵᠦᠢᠯ ᠪᠠᠭᠳᠠᠭᠠᠵᠤ᠂ ᠪᠠᠰᠠ ᠴᠠᠰᠤᠨ ᠳᠤ ᠭᠤᠯᠭᠤᠬᠤ ᠰᠠᠭᠤᠷᠢ ᠮᠡᠷᠭᠡᠵᠢᠯ᠂ ᠵᠢᠱᠢᠶᠡᠯᠡᠪᠡᠯ ᠬᠠᠪᠲᠠᠰᠤ ᠪᠠᠷ ᠶᠠᠪᠤᠬᠤ᠂ ᠵᠥᠪ ᠣᠨᠣᠪᠴᠢᠲᠠᠶ ᠴᠠᠰᠤᠨ ᠳᠤ ᠭᠤᠯᠭᠤᠬᠤ ᠬᠡᠯᠪᠡᠷᠢ ᠪᠠ ᠴᠢᠭᠯᠡᠯ ᠰᠣᠯᠢᠬᠤ ᠤᠷ᠎ᠠ ᠮᠡᠷᠭᠡᠵᠢᠯ ᠵᠡᠷᠭᠡ ᠶᠢ ᠲᠠᠶᠢᠯᠪᠤᠷᠢᠯᠠᠭᠰᠠᠨ ᠪᠠᠶᠢᠨ᠎ᠠ᠃     ᠡᠨᠡ ᠤᠳᠠᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠠᠵᠢᠯᠲᠠᠨ ᠠᠵᠢᠯᠴᠢᠨ ᠤ ᠪᠡᠶ᠎ᠡ ᠮᠠᠬᠠᠪᠣᠳ ᠤᠨ ᠬᠡᠪ ᠴᠢᠨᠠᠷ ᠵᠢᠴᠢ ᠪᠦᠯᠬᠦᠮ ᠤᠨ ᠨᠢᠭᠲᠠᠷᠠᠯ ᠤᠨ ᠬᠦᠴᠦᠨ ᠢ ᠪᠣᠯᠪᠠᠰᠤᠷᠠᠭᠤᠯᠵᠤ᠂ ᠪᠠᠰᠠ ᠮᠥᠰᠥ ᠴᠠᠰᠤᠨ ᠤ ᠰᠣᠶᠣᠯ ᠤᠨ ᠲᠠᠲᠠᠬᠤ ᠬᠦᠴᠦᠨ ᠢ ᠮᠡᠳᠡᠷᠡᠵᠦ᠂ ᠨᠠᠮ ᠤᠨ ᠭᠡᠰᠢᠭᠦᠨ ᠺᠠᠳ᠋ᠷᠴᠤᠳ ᠤᠨ ᠪᠡᠶ᠎ᠡ ᠴᠢᠭᠢᠷᠠᠭᠵᠢᠭᠤᠯᠬᠤ ᠤᠬᠠᠮᠰᠠᠷ ᠢ ᠨᠡᠮᠡᠭᠳᠡᠭᠦᠯᠵᠦ᠂ ᠪᠦᠬᠦ ᠠᠷᠠᠳ ᠢᠶᠠᠷ ᠢᠶᠠᠨ ᠮᠥᠰᠥ ᠴᠠᠰᠤᠨ ᠤ ᠬᠥᠳᠡᠯᠭᠡᠭᠡᠨ ᠳᠤ ᠢᠳᠡᠪᠬᠢᠲᠡᠢ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠬᠠᠮᠲᠤ ᠮᠠᠨ ᠤ ᠬᠤᠲᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠥᠷᠨᠢᠭᠦᠨ ᠬᠥᠭᠵᠢᠯᠲᠡ ᠶᠢ ᠠᠬᠢᠭᠤᠯᠪᠠ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号