ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠷᠠᠳ ᠤᠨ ᠶᠠᠪᠤᠳᠠᠯ ᠤᠨ ᠶᠠᠮᠤᠨ ᠤ 2020 ᠣᠨ ᠤ 1 ᠳ᠋ᠦ᠋ᠭᠡᠷ ᠬᠤᠭᠤᠴᠠᠭᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠳᠤᠮᠳᠠᠬᠢ ᠨᠢᠭᠦᠯᠡᠰᠦᠩᠭᠦᠶ ᠶᠢᠨ ᠬᠠᠨᠳᠢᠪᠯᠠᠨ ᠬᠦᠷᠭᠡᠬᠦ ᠬᠢᠨᠠᠨ ᠬᠠᠮᠢᠶᠠᠷᠬᠤ ᠪᠣᠯᠪᠠᠰᠤᠷᠠᠯ ᠤᠨ ᠠᠩᠭᠢ ᠶᠢᠨ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/12/1
    ᠭᠡᠨᠡᠳᠲᠡ ᠡᠭᠦᠰᠦᠭᠰᠡᠨ ᠬᠡᠷᠡᠭ ᠤᠨ ᠳᠣᠤᠷ᠎ᠠ ᠨᠢᠭᠦᠯᠡᠰᠦᠩᠭᠦᠶ ᠶᠢᠨ ᠬᠦᠴᠦᠨ ᠢ ᠳᠠᠶᠢᠴᠢᠯᠠᠨ ᠬᠥᠲᠥᠯᠥᠨ ᠵᠢᠯᠣᠭᠤᠳᠴᠤ ᠪᠠᠴᠢᠮ ᠪᠠᠶᠢᠳᠠᠯ ᠢ ᠠᠷᠭᠠᠴᠠᠬᠤ ᠠᠵᠢᠯ ᠳᠤ ᠣᠷᠣᠯᠴᠠᠭᠤᠯᠬᠤ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠠᠬᠢᠭᠤᠯᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠢ ᠠᠷᠭᠠᠴᠠᠬᠤ ᠵᠡᠷᠭᠡ ᠲᠠᠯ᠎ᠠ ᠪᠠᠷ ᠬᠢ ᠨᠢᠭᠦᠯᠡᠰᠦᠩᠭᠦᠶ ᠬᠦᠴᠦᠨ ᠤ ᠢᠳᠡᠪᠬᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠶᠢᠨ ᠳᠥᠯᠦᠭᠡ ᠣᠶᠢᠷ᠎ᠠ ᠳᠤ᠂ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠺᠠᠳ᠋ᠷ ᠠᠵᠢᠯᠲᠠᠨ ᠠᠵᠢᠯᠴᠢᠨ ᠤ ᠪᠥᠬᠦ ᠭᠡᠰᠢᠭᠦᠳ ᠠᠷᠠᠳ ᠤᠨ ᠶᠠᠪᠤᠳᠠᠯ ᠤᠨ ᠶᠠᠮᠤᠨ ᠤ 2020 ᠣᠨ ᠤ 1 ᠳ᠋ᠦ᠋ᠭᠡᠷ ᠬᠤᠭᠤᠴᠠᠭᠠᠨ ᠤ ᠭᠡᠨᠡᠳᠲᠡ ᠶᠢᠨ ᠬᠡᠷᠡᠭ ᠢ ᠠᠷᠭᠠᠴᠠᠬᠤ ᠳᠤᠮᠳᠠᠬᠢ ᠨᠢᠭᠦᠯᠡᠰᠦᠩᠭᠦᠶ ᠶᠢᠨ ᠬᠠᠨᠳᠢᠪ ᠤᠨ ᠬᠢᠨᠠᠯᠲᠠ ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠶᠢᠨ ᠰᠦᠯᠵᠢᠶᠡᠨ ᠳᠡᠭᠡᠷᠡᠬᠢ ᠪᠤᠯᠪᠠᠰᠤᠷᠠᠯ ᠳᠤ ᠣᠷᠣᠯᠴᠠᠪᠠ᠃     ᠨᠡᠶᠢᠲᠡ 9 ᠬᠢᠴᠢᠶᠡᠯ ᠤᠨ ᠴᠠᠭ ᠪᠤᠯᠪᠠᠰᠤᠷᠠᠵᠤ᠂ ᠨᠢᠭᠦᠯᠡᠰᠦᠩᠭᠦᠶ ᠶᠢᠨ ᠦᠢᠯᠡᠰ ᠢ ᠠᠬᠢᠭᠤᠯᠬᠤ ᠪᠠ ᠨᠡᠶᠢᠭᠡᠮ ᠤᠨ ᠠᠵᠢᠯ ᠤᠨ ᠲᠠᠯ᠎ᠠ ᠶᠢᠨ ᠲᠤᠰᠬᠠᠶ ᠮᠡᠷᠭᠡᠵᠢᠯᠲᠡᠨ ᠠᠴᠠ ᠬᠢᠴᠢᠶᠡᠯ ᠣᠷᠣᠬᠤ ᠨᠢ ᠨᠢᠭᠦᠯᠡᠰᠦᠩᠭᠦᠶ ᠶᠢᠨ ᠦᠢᠯᠡᠰ ᠲᠤ ᠴᠢᠭᠯᠡᠭᠦᠯᠦᠨ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃     ᠡᠨᠡ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠬᠤᠲᠠ ᠶᠢᠨ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠭᠡᠨᠡᠳᠲᠡ ᠶᠢᠨ ᠬᠡᠷᠡᠭ ᠢ ᠠᠷᠭᠠᠴᠠᠬᠤ ᠳᠤᠮᠳᠠ ᠡᠨᠡᠷᠢᠩᠭᠦᠶ ᠪᠠᠷ ᠬᠠᠨᠳᠢᠪᠯᠠᠬᠤ ᠶᠢ ᠬᠢᠨᠠᠨ ᠬᠠᠮᠢᠶᠠᠷᠬᠤ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠶᠢᠰᠢᠳᠠ ᠶᠢᠨ ᠠᠵᠢᠯ ᠤᠨ ᠳᠤᠮᠳᠠ ᠪᠡᠯᠡᠭᠯᠡᠨ ᠬᠦᠷᠭᠡᠬᠦ᠂ ᠬᠦᠯᠢᠶᠡᠨ ᠠᠪᠬᠤ ᠦᠢᠯᠡ ᠠᠵᠢᠯᠯᠠᠭ᠎ᠠ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠴᠢᠩᠭ᠎ᠠ ᠵᠢᠷᠤᠮᠵᠢᠭᠤᠯᠵᠤ᠂ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ  ᠶᠢ ᠵᠢᠷᠤᠮᠯᠠᠨ ᠨᠢᠭᠦᠯᠡᠰᠦᠩᠭᠦᠢ ᠶᠢᠨ ᠦᠢᠯᠡᠰ ᠲᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠪᠠ᠃ ︵ᠨᠠᠶᠢᠷᠠᠭᠤᠯᠤᠭᠴᠢ ᠄ ᠹᠧᠩ ᠶᠢᠩ ᠨᠠᠨᠳᠢᠨ︶
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号