ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠩ ᠠᠩᠨᠠᠬᠤ ᠪᠠᠭᠠᠵᠢ ᠬᠡᠷᠡᠭᠰᠡᠯ ᠢ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/12/1
    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠶᠢ ᠦᠨᠳᠦᠰᠦᠯᠡᠪᠡᠯ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ ᠦᠢᠯᠡᠳᠬᠦᠨ ᠢ ᠬᠤᠳᠠᠯᠳᠤᠬᠤ᠂ ᠬᠤᠳᠠᠯᠳᠤᠨ ᠠᠪᠬᠤ᠂ ᠠᠰᠢᠭᠯᠠᠬᠤ ᠪᠤᠶᠤ ᠬᠡᠷᠡᠭᠯᠡᠬᠦ ᠶᠢ ᠴᠠᠭᠠᠵᠠᠯᠠᠭᠰᠠᠨ ᠠᠩᠨᠠᠬᠤ ᠪᠠᠭᠠᠵᠢ ᠳᠤ ᠠᠷᠠᠯᠵᠢᠶᠠᠨ ᠤ ᠦᠢᠯᠡᠴᠢᠯᠡᠭᠡ ᠬᠠᠩᠭᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠴᠠᠭᠠᠵᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠠᠷᠢᠶᠠᠯᠠᠩ ᠤᠨ ᠲᠣᠪᠴᠢᠶ᠎ᠠ᠂ ᠣᠢ ᠰᠢᠭᠤᠶ ᠶᠢᠨ ᠳᠣᠲᠣᠭᠠᠳᠤ ᠶᠢ ᠬᠠᠮᠠᠭᠠᠯᠠᠬᠤ  ᠲᠤᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠬᠡᠭᠡᠷ᠎ᠡ ᠶᠢᠨ ᠠᠮᠢᠲᠠᠨ ᠤ ᠬᠠᠤᠯᠢ ᠠᠴᠠ ᠵᠥᠷᠢᠴᠡᠨ ᠠᠷᠠᠯᠵᠢᠶᠠᠯᠠᠬᠤ ᠠᠵᠢᠯᠯᠠᠭ᠎ᠠ ᠳᠤ ᠬᠠᠮᠲᠤᠷᠠᠨ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠦᠷᠨᠢᠬᠦᠯᠪᠡ᠃     ᠬᠢᠨᠠᠯᠲᠠ ᠬᠠᠮᠢᠶᠠᠷᠤᠯᠲᠠ ᠶᠢᠨ ᠪᠠᠯᠠᠶ ᠣᠷᠣᠨ ᠢ ᠢᠯᠭᠠᠷᠠᠭᠤᠯᠬᠤ ᠶᠢᠨ ᠲᠥᠯᠥᠭᠡ᠂ ᠡᠬᠢ ᠡᠭᠦᠰᠦᠯ ᠠᠴᠠ ᠨᠢ ᠴᠢᠩᠭ᠎ᠠ ᠡᠵᠡᠮᠳᠡᠵᠦ᠂ ᠬᠡᠭᠡᠷ᠎ᠡ ᠶᠢᠨ ᠠᠮᠢᠲᠠᠨ ᠤ ᠰᠦᠪᠡᠭᠴᠢ ᠶᠢ ᠣᠶᠢᠯᠭᠠᠨ ᠵᠢᠭᠰᠠᠭᠠᠬᠤ ᠠᠵᠢᠯ ᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠬᠠᠤᠯᠢ ᠪᠤᠰᠤ ᠬᠡᠭᠡᠷ᠎ᠡ ᠶᠢᠨ ᠠᠮᠢᠲᠠᠨ ᠵᠢᠴᠢ ᠪᠦᠲᠦᠭᠡᠭᠳᠡᠬᠦᠨ ᠤ ᠠᠷᠠᠯᠵᠢᠶᠠᠨ ᠤ ᠠᠵᠢᠯᠯᠠᠭ᠎ᠠ ᠶᠢ ᠡᠬᠢ ᠡᠭᠦᠰᠦᠯ ᠠᠴᠠ ᠨᠢ ᠪᠦᠲᠦᠮᠵᠢᠲᠡᠶ ᠬᠢᠵᠠᠭᠠᠷᠯᠠᠵᠤ᠂ ᠤᠷᠢᠳ ᠬᠤᠵᠢᠳ ᠨᠤᠲᠤᠭ ᠤᠨ ᠣᠨᠴᠠ ᠭᠠᠷᠤᠯᠲᠠ ᠶᠢᠨ ᠳᠡᠯᠭᠡᠭᠦᠷ᠂ ᠵᠢᠭᠦᠷᠲᠡᠨ ᠮᠠᠯ ᠤᠨ ᠲᠥᠷᠥᠯ᠂ ᠴᠡᠴᠡᠭ ᠰᠢᠪᠠᠭᠤᠨ ᠤ ᠵᠠᠬ᠎ᠠ ᠳᠡᠯᠭᠡᠭᠦᠷ ᠢ ᠬᠠᠮᠲᠤᠷᠠᠨ ᠪᠠᠶᠢᠴᠠᠭᠠᠪᠠ᠃     ᠣᠳᠣ ᠪᠣᠯᠲᠠᠯ᠎ᠠ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠪᠣᠯᠤᠨ ᠡᠷᠭᠢᠨ ᠲᠣᠭᠤᠷᠢᠨ ᠤ ᠰᠢᠨ᠎ᠡ ᠰᠣᠷᠭᠤᠭ ᠳᠡᠯᠭᠡᠭᠦᠷ᠂ ᠢᠳᠡᠭᠡᠨ ᠤᠮᠳᠠᠭᠠᠨ ᠤ ᠨᠢᠭᠡᠴᠡ ᠵᠡᠷᠭᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 40 ᠭᠠᠷᠤᠶ ᠤᠳᠠᠭ᠎ᠠ ᠪᠠᠶᠢᠴᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ ᠎ᠠ ᠦᠨᠡᠨ ᠬᠦ ︽ᠴᠤᠬᠤᠶᠢᠪᠠᠯ ᠴᠣᠬᠢᠯᠲᠠ ᠥᠭᠬᠦ᠂ ᠳᠠᠬᠢᠨ ᠴᠣᠬᠢᠯᠲᠠ ᠥᠭᠴᠦ ᠴᠢᠩᠭ᠎ᠠ ᠪᠠᠶᠢᠴᠠᠭᠠᠬᠤ︾ ᠶᠢ ᠪᠡᠶᠡᠯᠡᠭᠦᠯᠵᠦ᠂ ᠬᠡᠭᠡᠷ᠎ᠡ ᠶᠢᠨ ᠠᠮᠢᠲᠠᠨ ᠵᠠᠬ᠎ᠠ ᠳᠡᠯᠭᠡᠭᠦᠷ ᠤᠨ ᠬᠦᠢᠯᠬᠡᠬᠡᠨ ᠤ ᠬᠦᠷᠢᠶᠡᠨ ᠳᠤ ᠤᠷᠤᠭᠰᠠᠨ ᠤ ᠳᠠᠷᠠᠭ᠎ᠠ ᠳᠤᠮᠳᠠᠬᠢ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠦᠷ᠎ᠡ ᠪᠦᠲᠦᠮᠵᠢ ᠣᠯᠵᠠᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号