ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ᠨᠡᠶᠢᠭᠡᠮ ᠳᠠᠶᠠᠭᠠᠷ ᠲᠤ | ᠦᠨᠳᠦᠰᠦᠨ ᠬᠠᠤᠯᠢ ᠶᠢ ᠡᠷᠬᠢᠮᠯᠡᠨ ᠳᠡᠭᠡᠳᠦᠯᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ | ᠤᠬᠠᠭᠤᠯᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ ᠬᠠᠤᠯᠢ ᠶᠢ ᠬᠠᠮᠠᠭᠠᠯᠠᠬᠤ ᠥᠳᠬᠡᠨ ᠵᠤᠵᠠᠭᠠᠨ | ᠠᠭᠤᠷ ᠠᠮᠢᠰᠬᠤᠯ ᠢ ᠪᠣᠶ ᠪᠣᠯᠭᠠᠬᠤ ᠶᠢᠨ ᠳᠥᠯᠦᠬᠡ᠂ 11 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠦᠬᠦ ᠬᠤᠲᠠ ᠶᠢᠨ ︽ᠦᠨᠳᠦᠰᠦᠨ ᠬᠠᠤᠯᠢ ᠤᠬᠠᠭᠤᠯᠭ᠎ᠠ ᠶᠢᠨ ᠭᠠᠷᠠᠭ︾ | ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠲᠠᠳ ᠥᠷᠭᠡᠨ ᠣᠯᠠᠨ ᠬᠤᠲᠠ ᠶᠢᠨ ᠠᠷᠠᠳ ᠲᠤ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠢᠷᠭᠡᠨ ᠤ ᠬᠠᠤᠯᠢ ᠶᠢᠨ ᠪᠢᠴᠢᠭ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠮᠣᠩᠭᠤᠯ ᠦᠭᠡ ᠬᠡᠯᠡ ᠥᠰᠥᠭ ᠪᠢᠴᠢᠭ ᠤᠨ ᠠᠵᠢᠯ ᠤᠨ ᠲᠦᠷᠢᠮ︾᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠥᠩᠭᠡᠨ ᠲᠠᠯ᠎ᠠ ᠶᠢᠨ ᠮᠣᠩᠭᠤᠯ ᠬᠢᠲᠠᠳ ᠬᠤᠶᠠᠷ | ᠵᠦᠢᠯ ᠤᠨ ᠥᠰᠥᠭ ᠪᠢᠴᠢᠭ ᠢ ᠵᠡᠷᠭᠡ ᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠲᠤᠬᠠᠶ ᠤᠬᠠᠭᠤᠯᠭ᠎ᠠ ᠶᠢᠨ ᠮᠠᠲ᠋ᠧᠷᠢᠶᠠᠯ ᠢ ᠢᠳᠡᠪᠬᠢᠲᠡᠶ ᠲᠠᠷᠬᠠᠭᠠᠵᠤ᠂ ᠲᠤᠬᠠᠢ ᠶᠢᠨ | ᠲᠠᠯᠠᠪᠤᠷ ᠲᠤ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ ᠲᠦᠷᠦ ᠶᠢᠨ ᠪᠤᠳᠤᠯᠭ᠎ᠠ ᠶᠢᠨ ᠲᠤᠬᠠᠢ | ᠠᠰᠠᠭᠤᠨ ᠯᠠᠪᠯᠠᠬᠤ ᠶᠢ ᠳᠠᠶᠢᠯᠪᠤᠷᠢᠯᠠᠪᠠ᠃ | ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠥᠷᠭᠡᠨ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ | ᠪᠠ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠵᠦ᠂ ᠬᠠᠤᠯᠢ ᠰᠤᠷᠬᠤ᠂ ᠬᠠᠤᠯᠢ ᠮᠡᠳᠡᠬᠦ᠂ ᠬᠠᠤᠯᠢ ᠶᠢ | ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ ᠬᠤᠲᠠ ᠶᠢᠨ ᠠᠷᠠᠳ ᠲᠤ | ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠮᠡᠳᠡᠷᠡᠭᠦᠯᠵᠡᠶ᠃ ᠮᠥᠨ ᠴᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠰᠠᠶᠢᠨ | ᠰᠠᠶᠢᠬᠠᠨ ᠰᠠᠭᠤᠷᠢ ᠶᠢ ᠲᠠᠯᠪᠢᠵᠤ ᠥᠭᠪᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶ |