ᠳ᠋ᠠ ᠾᠧ ᠸᠠᠨ ᠪᠠᠯᠭᠠᠰᠤ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020/12/1
    ᠠᠵᠤ ᠦᠢᠯᠡᠰ ᠤᠨ ᠬᠥᠭᠵᠢᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ ᠶᠢᠨ ᠴᠢᠭᠯᠡᠯ ᠢ ᠳᠥᠯᠦᠪᠵᠢᠬᠦᠯᠬᠦ ᠶᠢᠨ ᠲᠥ᠋ᠯᠥᠭᠡ ᠣᠶᠢᠷ᠎ᠠ ᠳᠤ ᠳ᠋ᠠ ᠾᠧ ᠸᠠᠨ ᠪᠠᠯᠭᠠᠰᠤ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠢᠪᠠ᠃ ᠳ᠋ᠠ ᠾᠧ ᠸᠠᠨ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠡᠯ᠎ᠡ ᠲᠣᠰᠬᠤᠨ ᠤ ᠱᠦᠵᠢ᠂ ᠡᠷᠬᠢᠯᠡᠭᠴᠢ ᠪᠠ ᠨᠢᠭᠡᠳᠦᠭᠡᠷ ᠱᠦᠵᠢ ᠵᠢᠴᠢ ᠡᠯ᠎ᠡ ᠬᠠᠮᠢᠶ᠎ᠠ ᠪᠦᠬᠦᠢ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠳ᠋ᠠ ᠾᠧ ᠸᠠᠨ ᠪᠠᠯᠭᠠᠰᠤᠨ ᠤ 14 ᠲᠣᠰᠬᠤᠨ ᠤ ᠭᠤᠤᠯ ᠬᠠᠷᠢᠭᠤᠴᠠᠯᠭᠠᠲᠠᠨ ᠲᠣᠰ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠯᠠᠭᠠᠨ ᠤ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠠᠰ ᠳᠠᠷᠠᠭᠠᠯᠠᠨ ᠬᠠᠷᠢᠭᠤ ᠮᠡᠳᠡᠭᠦᠯᠪᠡ᠃ 2019 ᠤᠨ ᠪᠠ 2020 ᠣᠨ ᠳᠤ ᠨᠢᠭᠡᠨᠲᠡ ᠬᠡᠷᠡᠭᠵᠢᠭᠦᠯᠦᠭᠰᠡᠨ ᠠᠵᠤ ᠦᠢᠯᠡᠰ ᠤᠨ ᠲᠥᠷᠥᠯ ᠵᠦᠢᠯ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠬᠤᠩ ᠪᠢᠨ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ᠂ ᠪᠠᠯᠠ ᠮᠥᠩᠭᠦ ᠰᠢᠯᠵᠢᠭᠦᠯᠦᠨ ᠥᠭᠬᠦ᠂ ᠲᠥᠷᠥᠯ ᠵᠦᠢᠯ ᠤᠨ ᠭᠠᠷᠳᠠᠮ ᠢ ᠬᠢᠨᠠᠨ ᠵᠥᠪᠰᠢᠶᠡᠷᠡᠬᠦ ᠵᠡᠷᠭᠡ ᠪᠣᠳᠠᠲᠠᠶ ᠪᠠᠶᠢᠳᠠᠯ ᠢ ᠨᠠᠷᠢᠨ ᠠᠰᠠᠭᠤᠨ ᠯᠠᠪᠯᠠᠵᠠᠶ︔ ᠲᠣᠰᠬᠤᠨ ᠤ ᠱᠠᠲᠤᠨ ᠤ ᠬᠠᠷᠢᠭᠤᠴᠠᠯᠭᠠᠲᠠᠨ ᠣᠳᠣᠬᠠᠨ ᠤ ᠲᠥᠷᠥᠯ ᠵᠦᠢᠯ ᠤᠨ ᠲᠥᠯᠥᠪᠵᠢᠭᠦᠯᠪᠡ᠂ ᠪᠠᠷᠢᠯᠭ᠎ᠠ ᠪᠠᠷᠢᠬᠤ ᠵᠡᠷᠭᠡ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠲᠠᠢ ᠶᠠᠷᠢᠯᠴᠠᠵᠤ᠂ ᠰᠢᠢᠳᠪᠦᠷᠢᠯᠡᠬᠦ ᠠᠷᠭ᠎ᠠ ᠶᠢ ᠵᠥᠪᠳᠡᠯᠴᠡᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠲᠥᠷᠥᠯ ᠵᠦᠢᠯ ᠢ ᠬᠡᠷᠡᠭᠵᠢᠭᠦᠯᠬᠦ᠂ ᠰᠢᠯᠭᠠᠨ ᠠᠪᠬᠤ ᠪᠠᠶᠢᠴᠠᠭᠠᠯᠲᠠ ᠳᠤ ᠰᠠᠭᠤᠷᠢ ᠲᠠᠯᠪᠢᠪᠠ︔ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠠᠮᠢᠶ᠎ᠠ ᠪᠦᠬᠦᠢ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠴᠤ᠂ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠲᠣᠰᠬᠤᠨ ᠤ ᠱᠠᠲᠤᠨ ᠤ ᠲᠥᠷᠥᠯ ᠵᠦᠢᠯ ᠤᠨ ᠬᠠᠷᠢᠭᠤᠴᠠᠯᠭᠠᠲᠠᠨ ᠰᠠᠨᠠᠭᠠᠴᠢᠯᠠᠭ᠎ᠠ ᠠᠴᠠ ᠪᠠᠨ ᠲᠥᠯᠥᠪᠯᠡᠵᠦ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠶᠣᠰᠣᠭᠠᠷ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠴᠢᠬᠤᠯᠠ ᠶᠡᠭᠡ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ ᠶᠢᠨ ᠴᠢᠭᠯᠡᠯ ᠢ ᠰᠠᠶᠢᠲᠤᠷ ᠲᠥᠯᠥᠪᠵᠢᠭᠦᠯᠵᠦ᠂ 2021 ᠣᠨ ᠤ ᠠᠵᠤ ᠦᠢᠯᠡᠰ ᠤᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃     ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠲᠥᠷᠥᠯ ᠵᠦᠢᠯ ᠤᠨ ᠡᠬᠡ ᠳᠠᠩᠰᠠ ᠶᠢᠨ ᠮᠠᠲ᠋ᠧᠷᠢᠶᠠᠯ ᠢ ᠲᠡᠭᠦᠯᠳᠡᠷᠵᠢᠭᠦᠯᠬᠦ ᠪᠠᠷ ᠰᠠᠭᠤᠷᠢ ᠪᠣᠯᠭᠠᠵᠤ᠂ ᠲᠥᠷᠥᠯ ᠵᠦᠢᠯ ᠤᠨ ᠡᠬᠡ ᠳᠠᠩᠰᠠ ᠶᠢᠨ ᠮᠠᠲ᠋ᠧᠷᠢᠶᠠᠯ ᠢ ᠪᠣᠳᠠᠲᠠᠶᠢᠵᠢᠭᠤᠯᠤᠨ ᠨᠠᠷᠢᠯᠢᠭ ᠬᠢᠵᠦ᠂ ᠲᠥᠷᠥᠯ ᠵᠦᠢᠯ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ ᠶᠢ ᠠᠩᠬᠠᠷᠴᠤ᠂ ᠲᠥᠷᠥᠯ ᠵᠦᠢᠯ ᠤᠨ ᠡᠮᠦᠨᠡᠬᠢ ᠬᠤᠭᠤᠴᠠᠭ᠎ᠠ᠂ ᠳᠤᠮᠳᠠ ᠬᠤᠭᠤᠴᠠᠭ᠎ᠠ ᠠᠴᠠ ᠨᠢ ᠠᠪᠴᠤ᠂ ᠰᠡᠭᠦᠯᠴᠢ ᠶᠢᠨ ᠬᠤᠭᠤᠴᠠᠭᠠᠨ ᠳᠤ ᠵᠡᠷᠭᠡ ᠲᠠᠯ᠎ᠠ ᠪᠠᠷ ᠪᠦᠷᠢᠨ ᠪᠦᠲᠦᠨ ᠰᠢᠰᠲ᠋ᠧᠮ ᠢ ᠪᠦᠷᠢᠯᠳᠦᠭᠦᠯᠵᠦ᠂ ᠮᠠᠲ᠋ᠧᠷᠢᠶᠠᠯ ᠨᠢ ᠪᠦᠷᠢᠨ ᠲᠡᠭᠦᠯᠳᠡᠷ᠂ ᠲᠣᠳᠣᠷᠬᠠᠢ ᠪᠠᠶᠢᠵᠤ᠂ ᠳᠠᠩᠰᠠ ᠡᠪᠬᠡᠮᠡᠯ ᠳᠤ ᠣᠷᠣᠭᠤᠯᠵᠤ ᠪᠠᠶᠢᠴᠠᠭᠠᠬᠤ ᠳᠤ ᠳᠥᠭᠦᠮ ᠪᠣᠯᠭᠠᠨ᠎ᠠ᠃ ᠬᠤᠶᠠᠷ ᠲᠤ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠡᠯ᠎ᠡ ᠲᠣᠰᠬᠤᠨ ᠣᠳᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ ᠪᠣᠯᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠠᠵᠤ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠪᠣᠯᠤᠨ ᠲᠥᠯᠥᠪᠵᠢᠭᠦᠯᠭᠡ ᠶᠢ ᠲᠣᠭᠲᠠᠭᠠᠵᠤ᠂ ᠲᠥᠷᠥᠯ ᠵᠦᠢᠯ ᠤᠨ ᠤᠷᠲᠤ ᠬᠤᠭᠤᠴᠠᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠦ ᠴᠢᠨᠠᠷ᠂ ᠳᠠᠶᠢᠴᠢᠯᠠᠬᠤ ᠴᠢᠨᠠᠷ ᠢ ᠴᠢᠬᠤᠯᠠᠴᠢᠯᠠᠨ᠎ᠠ᠃ ᠭᠤᠷᠪᠠ ᠳᠤ ᠠᠵᠤ ᠦᠢᠯᠡᠰ ᠤᠨ ᠬᠥᠭᠵᠢᠯᠲᠡ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠪᠡᠯ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ᠂ ᠬᠥᠳᠡᠯᠮᠦᠷᠢ ᠶᠢᠨ ᠮᠡᠷᠭᠡᠵᠢᠯ ᠤᠨ ᠴᠢᠳᠠᠪᠤᠷᠢ ᠶᠢ ᠡᠵᠡᠮᠰᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠦᠷ᠎ᠡ ᠠᠰᠢᠭ ᠢ ᠪᠤᠵᠠᠭᠠᠶᠢᠷᠠᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠤᠷᠢᠲᠠᠯ ᠮᠥᠨ᠂ ᠨᠠᠩ ᠴᠤ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号