ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ᠄ ᠬᠠᠤᠯᠢ ᠬᠡᠷᠡᠭᠵᠢᠭᠦᠯᠬᠦ ᠤᠬᠠᠭᠤᠯᠭ᠎ᠠ ᠶᠢ ᠲᠣᠰᠬᠤᠨ ᠳᠤ ᠣᠷᠣᠭᠤᠯᠵᠤ ᠣᠯᠠᠨ ᠲᠦᠮᠡᠨ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2020/12/11
    ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠣᠬᠠᠭᠠᠭᠤᠯᠵᠤ ᠂ ᠣᠯᠠᠨ ᠲᠦᠮᠡᠨ ᠤ ᠬᠠᠤᠯᠢ ᠶᠢ ᠰᠤᠷᠴᠤ ᠬᠠᠤᠯᠢ ᠶᠢ ᠰᠠᠬᠢᠬᠤ ᠤᠬᠠᠮᠰᠠᠷ ᠢ ᠴᠢᠩᠭᠠᠷᠠᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠣᠬᠠᠭᠤᠯᠬᠤ ᠶᠢᠨ ᠲᠥᠯᠥᠭᠡ 12 ᠰᠠᠷ᠎ᠠ ᠶᠢᠨ 3 ᠤ ᠡᠳᠦᠷ ᠠᠴᠠ 8 ᠤ ᠡᠳᠦᠷ ᠪᠣᠯᠲᠠᠯ᠎ᠠ᠂ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠠᠶᠢᠯ ᠲᠣᠰᠬᠤᠨ ᠳᠤ ᠣᠷᠣᠭᠤᠯᠬᠤ ᠶᠡᠭᠡ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭᠠᠨ ᠤ ᠳᠤᠮᠳᠠ ᠬᠤᠪᠢ ᠬᠥᠮᠦᠨ ᠤ ᠰᠡᠷᠭᠡᠶᠢᠯᠡᠯᠲᠡ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠲᠤᠰ ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠦᠨᠳᠦᠰᠦᠨ ᠱᠠᠲᠤᠨ ᠤ ᠠᠵᠢᠯᠯᠠᠭ᠎ᠠ ᠶᠢ ᠥᠷᠨᠢᠭᠦᠯᠵᠡᠶ᠃ ᠪᠡᠶ᠎ᠡ ᠶᠢᠨ ᠭᠠᠷᠤᠯ ᠢᠶᠠᠨ ᠲᠣᠳᠣᠷᠬᠠᠶᠢᠯᠠᠬᠤ᠂ ᠰᠠᠭᠤᠷᠢ ᠪᠠᠨ ᠴᠢᠩᠭᠠᠳᠬᠠᠬᠤ᠂ ᠣᠪᠣᠷ ᠰᠤᠷᠲᠠᠯ ᠢᠶᠠᠨ ᠠᠳᠬᠤᠬᠤ ᠬᠡᠯᠪᠡᠷᠢ ᠪᠠᠷ ᠳᠠᠮᠵᠢᠭᠤᠯᠤᠨ᠂ ᠬᠠᠤᠯᠢ ᠬᠡᠷᠡᠭᠵᠢᠭᠦᠯᠬᠦ ᠡᠩᠨᠡᠭᠡ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠪᠣᠶ ᠪᠣᠯᠭᠠᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ᠂ ᠳᠣᠲᠣᠭᠠᠳᠤ ᠪᠠᠶᠢᠭᠤᠯᠤᠮᠵᠢ᠂ ᠠᠵᠢᠯ ᠤᠨ ᠪᠠᠶᠢᠷᠢ ᠶᠢᠨ ᠠᠵᠢᠯ ᠤᠨ ᠬᠤᠪᠢᠶᠠᠷᠢᠯᠠᠯ ᠵᠢᠴᠢ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠵᠠᠰᠠᠭ ᠵᠠᠬᠢᠷᠭᠠᠨ ᠤ ᠡᠷᠬᠡ ᠵᠢᠨ‌ᠵᠦ᠋ᠢᠯᠡᠰ ᠤᠨ ᠨᠠᠷᠢᠨ ᠳᠠᠩᠰᠠ ᠶᠢ ᠲᠤᠬᠠᠶ ᠶᠢᠨ ᠲᠠᠯᠠᠪᠠᠶ ᠳᠤ ᠤᠬᠠᠭᠤᠯᠪᠠ᠃ ᠬᠠᠤᠯᠢ ᠬᠡᠷᠡᠭᠵᠢᠭᠦᠯᠬᠦ ᠦᠢᠯᠡᠴᠢᠯᠡᠬᠡᠨ ᠤ ᠠᠮᠠᠯᠠᠯᠲᠠ ᠶᠢᠨ ᠲᠦᠷᠢᠮ ᠢ ᠢᠯᠡ ᠪᠣᠯᠭᠠᠨ᠎ᠠ᠃ ᠡᠭᠦᠨ ᠤ ᠬᠠᠮᠲᠤ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠵᠠᠷᠴᠢᠮ ᠶᠣᠰᠣᠭᠠᠷ᠂ ᠥᠷᠭᠡᠨ ᠣᠯᠠᠨ ᠲᠦᠮᠡᠨ ᠳᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ ᠣᠯᠠᠨ ᠲᠦᠮᠡᠨ ᠢ ᠵᠥᠪ ᠢᠶᠠᠷ ᠬᠥᠲᠥᠯᠥᠨ ᠵᠢᠯᠣᠭᠤᠳᠴᠤ᠂ ︽ᠬᠠᠤᠯᠢ ᠶᠢ ᠰᠤᠷᠤᠯᠴᠠᠬᠤ ᠨᠢ ᠬᠥᠮᠦᠨ ᠤ ᠠᠮᠢᠳᠤᠷᠠᠯ ᠢ ᠨᠡᠩ ᠰᠠᠶᠢᠨ ᠰᠠᠶᠢᠬᠠᠨ ᠪᠣᠯᠭᠠᠵᠤ᠂ ᠬᠠᠤᠯᠢ ᠶᠢ ᠰᠠᠬᠢᠬᠤ ᠨᠢ ᠨᠡᠶᠢᠭᠡᠮ ᠢ ᠨᠡᠩ ᠡᠶ᠎ᠡ ᠵᠣᠬᠢᠴᠠᠯ ᠲᠠᠢ ᠪᠣᠯᠭᠠᠬᠤ︾ ᠬᠠᠤᠯᠢ ᠲᠦᠷᠢᠮ ᠤᠨ ᠣᠶᠢᠯᠠᠭᠠᠭᠳᠠᠬᠤᠨ ᠢ ᠪᠤᠢ ᠪᠣᠯᠭᠠᠨ᠎ᠠ᠃     ᠡᠨᠡ ᠤᠳᠠᠭᠠᠨ ᠤ ᠠᠵᠢᠯᠯᠠᠭ᠎ᠠ ᠳᠤ᠂ ︽ᠦᠨᠳᠦᠰᠦᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾᠂ ︽ᠠᠶᠢᠯ ᠲᠣᠰᠬᠤᠨ ᠪᠠ ᠪᠠᠯᠭᠠᠰᠤ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠦᠷᠢᠮ︾ ᠤᠨ ᠤᠬᠠᠭᠤᠯᠭ᠎ᠠ ᠶᠢᠨ ᠬᠠᠭᠤᠳᠠᠰᠤ ᠶᠢ ᠨᠡᠶᠢᠲᠡ 300 ᠲᠠᠷᠬᠠᠭᠠᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠷᠢᠭᠰᠠᠨ ︽ᠨᠠᠢᠮᠠ ᠶᠢ ᠥᠯᠥ ᠵᠥᠪᠰᠢᠶᠡᠷᠡᠬᠦ︾ ᠬᠠᠭᠤᠳᠠᠰᠤ ᠶᠢ 200 ᠬᠤᠪᠢ ᠨᠣᠭᠳᠠᠭᠤᠯᠪᠠ᠃ ᠬᠠᠮᠠᠭᠠᠯᠠᠯᠲᠠ ᠶᠢᠨ ᠠᠮᠠᠪᠴᠢ 2000 ᠰᠢᠷᠬᠡᠭ᠂ ᠤᠬᠠᠭᠤᠯᠬᠤ ᠡᠳ᠋ 3 ᠲᠥᠷᠥᠯ᠂ ᠡᠯᠭᠦᠭᠡ ᠤᠬᠠᠭᠤᠯᠭ᠎ᠠ ᠶᠢᠨ ᠡᠯᠭᠦᠭᠡ ᠪᠢᠴᠢᠭᠡᠰᠦ 2 ᠵᠤᠷᠪᠤᠰ ᠲᠠᠷᠬᠠᠭᠠᠪᠠ᠃ ᠡᠭᠦᠨ ᠤ ᠳᠤ ᠬᠠᠮᠲᠤ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ 730 ᠬᠤᠪᠢ ᠲᠠᠷᠬᠠᠭᠠᠵᠤ᠂ 36 ᠵᠤᠷᠪᠤᠰ ᠮᠡᠳᠡᠭᠡ ᠵᠠᠩᠭᠢ ᠴᠤᠭᠯᠠᠭᠤᠯᠵᠤ᠂ ᠣᠯᠠᠨ ᠲᠦᠮᠡᠨ ᠤ ᠬᠦᠰᠡᠵᠦ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠢ ᠣᠶᠢᠯᠭᠠᠨ ᠡᠵᠡᠮᠰᠢᠵᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠲᠠᠷᠠᠭᠠᠴᠢ ᠶᠢᠨ ᠠᠯᠬᠤᠮ ᠳᠤ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号