ᠪᠠᠶᠠᠵᠢᠯ ᠤᠨ ᠳᠠᠭᠠᠭᠤᠯᠤᠭᠴᠢ ᠶᠢ ᠬᠥᠮᠦᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ — ᠵᠦᠩ ᠾᠧ ᠪᠠᠯᠭᠠᠰᠤ ᠪᠠᠶᠠᠵᠢᠯ ᠤᠨ ᠳᠠᠭᠠᠭᠤᠯᠤᠭᠴᠢ ᠶᠢᠨ ᠪᠣᠯᠪᠠᠰᠤᠷᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2020/12/11
  ᠪᠦᠬᠦ ᠪᠠᠯᠭᠠᠰᠤᠨ ᠤ ᠪᠠᠶᠠᠵᠢᠯ ᠤᠨ ᠳᠠᠭᠠᠭᠤᠯᠤᠭᠴᠢ ᠶᠢᠨ ᠠᠵᠢᠯ ᠣᠯᠭᠤᠯᠲᠠ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠬᠦᠯᠵᠦ᠂ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠵᠦᠩ ᠾᠧ ᠪᠠᠯᠭᠠᠰᠤᠨ ᠤ ᠠᠵᠤ ᠠᠬᠤᠶ ᠶᠢᠨ ᠬᠥᠭᠵᠢᠯᠲᠡ ᠶᠢ ᠰᠢᠨ᠎ᠡ ᠲᠦᠪᠰᠢᠨ ᠳᠤ ᠭᠠᠷᠭᠠᠬᠤ ᠶᠢᠨ ᠲᠥᠯᠥᠭᠡ 12 ᠰᠠᠷ᠎ᠠ ᠶᠢᠨ 8 ᠤ ᠦᠳᠡ ᠡᠮᠦᠨ᠎ᠡ᠂ ᠵᠥᠩ ᠾᠧ ᠪᠠᠯᠭᠠᠰᠤ 2020 ᠤᠨ ᠪᠠᠶᠠᠵᠢᠯ ᠤᠨ ᠳᠠᠭᠠᠭᠤᠯᠤᠭᠴᠢ ᠶᠢ ᠪᠣᠯᠪᠠᠰᠤᠷᠠᠯ ᠤᠨ ᠬᠤᠷᠠᠯ ᠬᠢᠵᠦ᠂ ᠪᠦᠬᠦ ᠪᠠᠯᠭᠠᠰᠤᠨ ᠤ 50 ᠭᠠᠷᠤᠢ ᠪᠠᠶᠠᠵᠢᠯ ᠤᠨ ᠳᠠᠭᠠᠭᠤᠯᠤᠭᠴᠢ ᠪᠣᠯᠪᠠᠰᠤᠷᠠᠯ ᠳᠤ ᠣᠷᠣᠯᠴᠠᠵᠤ᠂ ᠪᠠᠯᠭᠠᠰᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᡂᠢ ᠰᠢᠶᠤᠤ ᠮᠢᠩ ᠲᠤᠰ ᠤᠳᠠᠭ᠎ᠠ ᠶᠢᠨ ᠬᠤᠷᠠᠯ ᠢ ᠡᠷᠬᠢᠯᠡᠪᠡ᠃
   ᠲᠤᠰ
ᠤᠳᠠᠭᠠᠨ ᠤ ᠪᠣᠯᠪᠠᠰᠤᠷᠠᠯ ᠨᠢ ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠣᠯᠠᠨ ᠲᠠᠯ᠎ᠠ ᠶᠢᠨ ᠬᠢᠨ ᠣᠷᠣᠯᠴᠠᠵᠤ᠂ ᠠᠵᠤ ᠦᠢᠯᠡᠰ ᠢᠶᠠᠷ ᠬᠥᠲᠥᠯᠥᠨ ᠳᠠᠭᠠᠭᠤᠯᠤᠨ᠂ ᠨᠠᠷᠢᠯᠢᠭ ᠣᠨᠣᠴᠠᠲᠠᠶ ᠬᠥᠮᠦᠵᠢᠭᠦᠯᠦᠨ᠎ᠡ᠃ ︽ᠴᠢᠳᠠᠪᠤᠷᠢ ᠶᠢᠨ ᠪᠣᠯᠪᠠᠰᠣᠷᠠᠯ᠂ ᠨᠡᠪᠴᠢᠭᠦᠯᠦᠨ ᠠᠵᠢᠯ ᠦᠢᠯᠡᠰ ᠴᠣᠭᠴᠠᠯᠠᠬᠤ᠂ ᠣᠷᠣᠯᠭ᠎ᠠ ᠶᠢ ᠨᠡᠮᠡᠭᠳᠡᠭᠦᠯᠬᠦ︾ ᠭᠤᠷᠪᠠᠨ ᠭᠤᠭᠴᠤᠭ᠎ᠠ ᠲᠠᠢ ᠨᠢᠭᠲᠠ ᠤᠶᠠᠯᠳᠤᠭᠤᠯᠤᠨ᠂ ᠵᠠᠯᠠᠨ ᠠᠶᠢᠯ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠥᠷᠲᠡᠭᠡ ᠶᠢᠨ ᠳᠠᠷᠤᠭ᠎ᠠ ᠳ᠋ᠢᠩ ᠸᠧᠶ ᠯᠢᠶᠠᠩ᠂ ᠵᠠᠯᠠᠨ ᠠᠶᠢᠯ ᠬᠤᠲᠠ ᠶᠢᠨ ᠲᠠᠷᠢᠶᠠᠯᠠᠩ ᠤᠨ ᠰᠤᠳᠤᠯᠭᠠᠨ ᠤ ᠭᠠᠵᠠᠷ ᠤᠨ ᠲᠤᠰᠬᠠᠶ ᠮᠡᠷᠭᠡᠵᠢᠯᠲᠡᠨ ᠽᠦᠶ ᠹᠧᠶ ᠶᠢ ᠤᠷᠢᠵᠠᠶ᠃ ᠬᠤᠨᠢᠨ ᠤ ᠲᠡᠵᠢᠭᠡᠯ ᠪᠣᠷᠳᠤᠭ᠎ᠠ ᠨᠠᠶᠢᠷᠠᠭᠤᠯᠬᠤ᠂ ᠬᠤᠨᠢᠨ ᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠬᠤᠨᠢᠨ ᠤ ᠲᠠᠯᠠᠪᠠᠢ ᠶᠢᠨ ᠬᠠᠮᠢᠶᠠᠷᠤᠯᠲᠠ ᠵᠢᠴᠢ ᠡᠷᠳᠡᠨᠢ ᠰᠢᠰᠢ ᠶᠢᠨ ᠥᠨᠳᠥᠷ ᠤᠨᠠᠯᠲᠠ ᠲᠠᠢ ᠲᠠᠷᠢᠵᠤ ᠪᠤᠶᠢᠵᠢᠭᠤᠯᠬᠤ ᠵᠠᠩᠭᠢᠯᠠᠭ᠎ᠠ ᠶᠢᠨ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ ᠬᠥᠩᠭᠡᠨ ᠪᠠᠶᠢᠬᠤ ᠶᠢ ᠰᠡᠷᠭᠡᠶᠢᠯᠡᠨ ᠵᠠᠰᠠᠬᠤ ᠮᠡᠷᠭᠡᠵᠢᠯ ᠵᠡᠷᠭᠡ ᠲᠠᠯ᠎ᠠ ᠪᠠᠷ ᠲᠣᠰ ᠲᠣᠰ ᠬᠤᠷᠠᠯ ᠳᠤ ᠣᠷᠣᠯᠴᠠᠭᠰᠠᠳ ᠲᠤ ᠬᠢᠴᠢᠶᠡᠯ ᠣᠷᠣᠬᠤ ᠪᠠ ᠰᠣᠯᠢᠯᠴᠠᠨ ᠶᠠᠷᠢᠯᠴᠠᠪᠠ᠃
   ᠡᠨᠡ ᠤᠳᠠᠭᠠᠨ ᠤ
ᠪᠣᠯᠪᠠᠰᠤᠷᠠᠯ ᠳᠤ᠂ ᠠᠭᠤᠯᠭ᠎ᠠ ᠨᠢ ᠪᠦᠬᠦ ᠲᠠᠯ᠎ᠠ ᠪᠠᠷ ᠪᠠᠶᠠᠯᠢᠭ᠂ ᠨᠡᠯᠢᠶᠡᠳ ᠴᠢᠩᠭ᠎ᠠ ᠬᠠᠨᠳᠤᠯᠭᠠᠲᠤ ᠴᠢᠨᠠᠷ᠂ ᠴᠠᠭᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ᠂ ᠬᠤᠷᠠᠯ ᠳᠤ ᠣᠷᠣᠯᠴᠠᠭᠰᠠᠨ ᠪᠠᠶᠠᠵᠢᠯ ᠤᠨ ᠳᠠᠭᠠᠭᠤᠯᠤᠭᠴᠢ ᠶᠢᠨ ᠬᠠᠷᠠᠭ᠎ᠠ ᠶᠢ ᠥᠷᠭᠡᠳᠬᠡᠬᠦ᠂ ᠮᠡᠳᠡᠯᠭᠡ ᠪᠠᠨ ᠨᠡᠮᠡᠭᠳᠡᠭᠦᠯᠬᠦ᠂ ᠮᠡᠷᠭᠡᠵᠢᠯ ᠢ ᠡᠵᠡᠮᠰᠢᠬᠦ ᠳᠤ ᠬᠦᠴᠦᠲᠡᠶ ᠬᠠᠪᠰᠤᠷᠤᠯᠭ᠎ᠠ ᠦᠵᠡᠭᠦᠯᠪᠡ᠃ ᠵᠦᠩ ᠾᠧ ᠪᠠᠯᠭᠠᠰᠤᠨ ᠤ ᠪᠠᠶᠠᠵᠢᠯ ᠤᠨ ᠳᠠᠭᠠᠭᠤᠯᠤᠭᠴᠢ ᠶᠢᠨ ᠪᠦᠬᠦᠯᠢ ᠴᠣᠭᠴᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠪᠠᠶᠠᠵᠢᠯ ᠤᠨ ᠳᠠᠭᠠᠭᠤᠯᠤᠭᠴᠢ ᠶᠢᠨ ᠳᠠᠶᠢᠴᠢᠯᠠᠬᠤ ᠢᠳᠡᠪᠬᠢᠵᠢᠯ ᠢ ᠨᠡᠮᠡᠭᠳᠡᠭᠦᠯᠵᠦ᠂ ᠵᠦᠩ ᠾᠧ ᠪᠠᠯᠭᠠᠰᠤᠨ ᠤ ᠮᠠᠯ ᠠᠵᠤ ᠠᠬᠤᠶ ᠪᠣᠯᠤᠨ ᠲᠠᠷᠢᠮᠠᠯ ᠤᠨ ᠦᠢᠯᠡᠰ ᠤᠨ ᠣᠳᠣᠬᠢᠴᠢᠯᠠᠯᠲᠠ ᠶᠢᠨ ᠲᠦᠷᠭᠡᠨ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠳᠤ ᠬᠦᠴᠦᠲᠡᠶ ᠳᠡᠮᠵᠢᠯᠭᠡ ᠦᠵᠡᠭᠦᠯᠪᠡ᠃
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号