ᠰᠢᠩ ᠬᠤᠸᠠ ᠵᠡᠭᠡᠯᠢ ᠭᠤᠳᠤᠮᠵᠢ ︽ᠰᠡᠳᠬᠢᠴᠡ ᠪᠠ ᠰᠡᠳᠬᠢᠴᠡ ᠶᠢᠨ ᠡᠷᠡᠭᠦᠯ ᠮᠡᠨᠳᠦ︾ ᠭᠡᠬᠦ ᠮᠡᠳᠡᠯᠭᠡ ᠶᠢᠨ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2020/12/11
    ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠥᠪᠡᠷ ᠢ ᠪᠠᠨ ᠬᠦᠨᠳᠦᠳᠬᠡᠵᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢᠲᠡᠢ ᠳᠠᠪᠰᠢᠬᠤ ᠨᠡᠶᠢᠭᠡᠮ ᠤᠨ ᠰᠡᠳᠬᠢᠴᠡ ᠶᠢ ᠪᠤᠶᠢᠵᠢᠭᠤᠯᠬᠤ ᠶᠢᠨ ᠲᠥᠯᠥᠭᠡ᠂ ᠲᠦᠷᠦᠭᠦᠬᠡᠨ ᠰᠢᠩ ᠬᠤᠸᠠ ᠵᠡᠭᠡᠯᠢ ᠭᠤᠳᠤᠮᠵᠢ ᠶᠢᠨ ᠬᠢᠨ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠶᠢ ᠤᠷᠢᠵᠤ ᠬᠠᠷᠢᠶᠠᠲᠤ ᠣᠷᠣᠨ ᠤ ᠰᠠᠭᠤᠭᠠᠯᠢ ᠠᠷᠠᠳ ᠲᠦᠮᠡᠨ ᠳᠤ ᠰᠡᠳᠬᠢᠴᠡ ᠶᠢᠨ ᠪᠠ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠬᠢᠯᠭᠡᠪᠡ᠃     ᠲᠤᠰ ᠤᠳᠠᠭᠠᠨ ᠤ ᠲᠠᠶᠢᠯᠤᠮᠵᠢ ᠠᠮᠢᠳᠤᠷᠠᠯ᠂ ᠠᠵᠢᠯ ᠤᠨ ᠳᠤᠮᠳᠠ ᠦᠷᠭᠦᠯᠵᠢ ᠲᠣᠬᠢᠶᠠᠯᠳᠤᠳᠠᠭ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠪᠠ ᠤᠷᠢᠳᠴᠢᠯᠠᠨ ᠰᠡᠷᠭᠡᠶᠢᠯᠡᠬᠦ ᠮᠡᠳᠡᠯᠭᠡ ᠪᠠᠷ ᠭᠤᠣᠯᠳᠠᠯᠭ᠎ᠠ ᠪᠣᠯᠭᠠᠵᠤ᠂ ᠦᠷᠭᠦᠯᠵᠢ ᠲᠣᠬᠢᠶᠠᠯᠳᠤᠳᠠᠭ ᠨᠠᠵᠠᠭᠠᠢ ᠲᠠᠯ᠎ᠠ ᠶᠢᠨ ᠰᠡᠳᠬᠢᠯᠭᠡ᠂ ᠵᠣᠪᠠᠨᠢᠯ᠂ ᠭᠠᠩᠰᠠᠷᠠᠯ᠂ ᠳᠡᠮᠡᠶᠢᠷᠡᠬᠦ ᠡᠪᠡᠳᠴᠢᠨ ᠳᠤ ᠴᠢᠭᠯᠡᠭᠦᠯᠦᠨ ᠰᠡᠳᠬᠢᠴᠡ ᠵᠢᠴᠢ ᠰᠡᠳᠬᠢᠴᠡ ᠶᠢᠨ ᠡᠷᠡᠭᠦᠯ ᠮᠡᠨᠳᠦ ᠶᠢᠨ ᠤᠬᠠᠭᠳᠠᠬᠤᠨ᠂ ᠰᠡᠳᠬᠢᠴᠡ ᠶᠢᠨ ᠦᠵᠡᠭᠳᠡᠯ᠂ ᠡᠷᠡᠭᠦᠯ ᠮᠡᠨᠳᠦ ᠶᠢᠨ ᠳᠥᠷᠪᠡᠨ ᠡᠯᠧᠮᠧᠨ᠋ᠲ᠂ ᠵᠡᠮᠳᠡᠭᠴᠦᠳ ᠤᠨ ᠰᠡᠳᠬᠢᠴᠡ ᠶᠢᠨ ᠠᠰᠠᠭᠤᠳᠠᠯ ᠵᠡᠷᠭᠡ ᠬᠡᠳᠦᠨ ᠲᠠᠯ᠎ᠠ ᠪᠠᠷ ᠮᠡᠳᠡᠯᠭᠡ ᠶᠢ ᠲᠦᠭᠡᠮᠡᠯᠵᠢᠭᠦᠯᠬᠦ ᠪᠠ ᠲᠠᠨᠢᠯᠴᠠᠭᠤᠯᠵᠤ ᠵᠣᠬᠢᠴᠠᠭᠤᠯᠬᠤ ᠠᠷᠭ᠎ᠠ ᠶᠢ ᠬᠡᠷᠡᠭᠯᠡᠨ᠎ᠡ᠃ ᠲᠠᠶᠢᠯᠤᠮᠵᠢ ᠳᠤ᠂ ᠦᠭᠡ ᠬᠡᠯᠡ ᠱᠤᠭ ᠶᠦᠮᠦᠷᠯᠢᠭ ᠡᠳᠦᠷ ᠲᠤᠲᠤᠮ ᠤᠨ ᠠᠮᠢᠳᠤᠷᠠᠯ ᠳᠤᠮᠳᠠᠬᠢ ᠬᠠᠮᠤᠭ ᠤᠨ ᠦᠷᠭᠦᠯᠵᠢ ᠲᠣᠬᠢᠶᠠᠯᠳᠤᠳᠠᠭ᠂ ᠬᠠᠮᠤᠭ ᠤᠨ ᠨᠡᠶᠢᠲᠡᠯᠢᠭ ᠵᠢᠱᠢᠶ᠎ᠡ ᠲᠠᠢ ᠤᠶᠠᠯᠳᠤᠭᠤᠯᠤᠨ ᠲᠤᠬᠠᠶ ᠶᠢᠨ ᠲᠠᠯᠠᠪᠤᠷ ᠤᠨ ᠰᠠᠭᠤᠭᠠᠯᠢ ᠠᠷᠠᠳ ᠤᠨ ᠨᠠᠶᠢᠵᠠ ᠨᠠᠷ ᠲᠤ ᠵᠦᠶ ᠵᠣᠬᠢᠰ ᠦᠭᠡ ᠶᠢ ᠨᠡᠪᠲᠡᠷᠡᠯᠴᠡᠬᠦ ᠠᠷᠭ᠎ᠠ ᠮᠠᠶ᠋ᠢᠭ ᠢ ᠶᠠᠷᠢᠵᠤ ᠥᠭᠴᠡᠶ᠂ ᠤᠷᠮ᠎ᠠ ᠰᠡᠳᠬᠢᠯᠭᠡ ᠰᠣᠯᠢᠯᠴᠠᠭ᠎ᠠ ᠨᠢ ᠬᠡᠷ ᠪᠦᠯᠢ ᠶᠢᠨ ᠬᠠᠷᠢᠴᠠᠭ᠎ᠠ ᠶᠢ ᠡᠶ᠎ᠡ ᠨᠠᠶᠢᠷᠲᠠᠶ ᠪᠤᠰᠤ ᠪᠣᠯᠭᠠᠬᠤ ᠵᠡᠷᠭᠡ ᠮᠠᠭᠤ ᠦᠷ᠎ᠡ ᠳ᠋ᠦᠩ ᠢ ᠠᠮᠠᠷᠬᠠᠨ ᠪᠣᠶ ᠪᠣᠯᠭᠠᠳᠠᠭ᠃ ᠪᠠᠰᠠ ᠬᠡᠦᠬᠡᠳ ᠢ ᠰᠤᠷᠭᠠᠨ ᠬᠥᠮᠦᠵᠢᠭᠦᠯᠬᠦ ᠪᠠ ᠬᠥᠮᠦᠨ ᠤ ᠬᠠᠷᠢᠴᠠᠭ᠎ᠠ ᠶᠢ ᠰᠢᠢᠳᠪᠦᠷᠢᠯᠡᠬᠦ ᠳᠡᠭᠡᠨ ᠬᠡᠷᠬᠢᠨ ᠥᠪᠡᠷ ᠤᠨ ᠪᠣᠳᠣᠯ ᠪᠠ ᠲᠥᠷᠥᠭᠳᠡᠯ ᠢᠶᠠᠨ ᠵᠥᠪ ᠣᠨᠣᠪᠴᠢᠲᠠᠢ ᠢᠯᠡᠳᠬᠡᠬᠦ ᠶᠢ ᠵᠢᠯᠣᠭᠤᠳᠬᠤ ᠬᠡᠷᠡᠭᠲᠡᠢ᠃     ᠲᠤᠬᠠᠶ ᠶᠢᠨ ᠲᠠᠯᠠᠪᠠᠢ ᠶᠢᠨ ᠰᠠᠭᠤᠭᠠᠯᠢ ᠠᠷᠠᠳ ᠮᠠᠰᠢ ᠶᠡᠭᠡ ᠠᠰᠢᠭ ᠬᠦᠷᠲᠡᠵᠦ᠂ ᠬᠤᠶᠢᠰᠢᠳᠠ ᠶᠢᠨ ᠠᠮᠢᠳᠤᠷᠠᠯ ᠳᠤᠮᠳᠠ ᠢᠳᠡᠪᠬᠢᠲᠡᠶ ᠡᠷᠡᠭᠦᠯ ᠪᠠᠶᠠᠷ ᠪᠠᠶᠠᠰᠬᠤᠯᠠᠩᠲᠤ ᠰᠡᠳᠬᠢᠯᠭᠡ ᠲᠠᠢ ᠪᠣᠯᠵᠤ᠂ ᠯᠠᠪᠳᠠᠭᠤᠨ ᠪᠠᠲᠤᠲᠠᠶ ᠠᠵᠢᠯᠯᠠᠬᠤ ᠪᠣᠯᠤᠨ᠎ᠠ᠃ ᠲᠤᠰ ᠤᠳᠠᠭᠠᠨ ᠤ ᠲᠠᠶᠢᠯᠤᠮᠵᠢ᠂ ᠨᠡᠶᠢᠭᠡᠮ ᠲᠣᠭᠤᠷᠢᠭ ᠲᠤ ᠬᠥᠮᠦᠨ ᠪᠦᠬᠦᠨ ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠬᠥᠮᠦᠨ ᠪᠦᠬᠦᠨ ᠰᠡᠳᠬᠢᠴᠡ ᠶᠢᠨ ᠡᠷᠡᠭᠦᠯ ᠮᠡᠨᠳᠦ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠵᠠᠶ᠃
   
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号