ᠴᠠᠢ ᠾᠧ ᠪᠠᠯᠭᠠᠰᠤ᠄ ᠵᠠᠮ ᠤᠨ ᠲᠡᠮᠳᠡᠭ᠂ ᠠᠮᠢ ᠠᠬᠤᠢ ᠶᠢᠨ ᠪᠢᠲᠡᠭᠦᠮᠵᠢᠯᠡᠯ ᠪᠠ ᠦᠵᠡᠮᠵᠢ ᠶᠢᠨ ᠣᠷᠣᠨ ᠤ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠡᠮᠳᠡᠭᠯᠡᠯ
ᠨᠡᠶᠢᠲᠡᠯᠡᠭᠰᠡᠨ ᠴᠠᠭ᠄
2020/12/11
    2020 ᠤᠨ ᠳᠤ ᠵᠠᠯᠠᠨ ᠠᠶᠢᠯ ᠤᠨ ᠨᠡᠷᠡᠲᠦ ᠦᠵᠡᠮᠵᠢ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠶ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤᠯᠤᠰ ᠤᠨ ᠲᠠᠰ ᠤᠨ ᠨᠡᠷᠡᠲᠦ ᠦᠵᠡᠮᠵᠢ ᠶᠢᠨ ᠣᠷᠣᠨ ᠪᠠ ᠴᠠᠶ ᠾᠧ ᠶᠤᠸᠠᠢ ᠯᠢᠶᠠᠩ ᠵᠢᠵᠢᠭ ᠪᠠᠯᠭᠠᠰᠤᠨ ᠤ ᠵᠢᠭᠤᠯᠴᠢᠯᠠᠯ ᠤᠨ ᠨᠡᠷᠡᠲᠦ ᠲᠡᠮᠳᠡᠭ ᠢ ᠢᠳᠡᠪᠬᠢᠲᠡᠶ ᠪᠦᠲᠦᠭᠡᠵᠡᠶ ᠃ ᠴᠠᠢ ᠾᠧ ᠪᠠᠯᠭᠠᠰᠤᠨ ᠳᠤ ᠬᠦᠷᠬᠦ ᠡᠯ᠎ᠡ ᠵᠠᠮ ᠳᠠᠭᠠᠤ ᠶᠢᠨ ᠵᠠᠮ ᠤᠨ ᠴᠢᠬᠤᠯᠠ ᠵᠠᠩᠭᠢᠯᠠᠭ᠎ᠠ ᠶᠢᠨ ᠭᠠᠵᠠᠷ ᠲᠤ 11 ᠭᠠᠵᠠᠷ ᠤᠨ 13 ᠬᠡᠪᠯᠡᠯ ᠤᠨ ᠨᠢᠭᠤᠷ ᠢ ᠰᠢᠨ᠎ᠡ ᠪᠠᠷ ᠪᠠᠶᠢᠭᠤᠯᠵᠤ᠂ ᠵᠠᠮ ᠢᠯᠭᠠᠬᠤ ᠫᠠᠶᠢᠰᠠ ᠪᠠᠨ 22 ᠭᠠᠵᠠᠷ ᠤᠨ 31 ᠨᠢᠭᠤᠷ ᠰᠣᠯᠢᠵᠤ᠂ ᠤᠳᠤ ᠨᠢᠭᠡᠨᠲᠡ ᠪᠦᠬᠦᠨ ᠢ ᠪᠠᠷᠢᠵᠤ ᠳᠠᠭᠤᠰᠬᠠᠪᠠ᠃ ᠡᠨᠡ ᠤᠳᠠᠭᠠᠨ ᠤ ᠰᠢᠨ᠎ᠡ ᠪᠠᠷ ᠪᠠᠶᠢᠭᠤᠯᠤᠭᠰᠠᠨ ᠪᠠ ᠰᠣᠯᠢᠬᠤ ᠵᠠᠮ ᠤᠨ ᠲᠡᠮᠳᠡᠭ ᠨᠢ ᠮᠣᠩᠭᠤᠯ ᠬᠢᠲᠠᠳ ᠠᠩᠭ᠍ᠯᠢ ᠭᠤᠷᠪᠠᠨ ᠵᠦᠢᠯ ᠤᠨ ᠦᠰᠦᠭ ᠪᠢᠴᠢᠭ ᠤᠨ ᠬᠡᠯᠪᠡᠷᠢ ᠶᠢ ᠬᠡᠷᠡᠭᠯᠡᠵᠡᠶ᠃ ᠨᠠᠩ ᠲᠣᠳᠣᠷᠬᠠᠶ᠂ ᠣᠨᠣᠪᠴᠢᠲᠠᠶ᠂ ᠵᠢᠷᠤᠮᠵᠢᠯ ᠲᠠᠢ ᠢᠯᠡᠳᠬᠡᠵᠦ᠂ ᠵᠤᠭᠠᠴᠠᠭᠰᠠᠳ ᠤᠨ ᠵᠤᠭᠠᠴᠠᠨ ᠲᠣᠭᠤᠷᠢᠬᠤ ᠳᠤ ᠳᠥᠭᠦᠮ ᠦᠵᠡᠭᠦᠯᠬᠦ ᠶᠢᠨ ᠬᠠᠮᠲᠤ ᠴᠠᠢ ᠾᠧ ᠶᠤᠸᠠᠢ ᠯᠢᠶᠠᠩ ᠵᠢᠵᠢᠭ ᠪᠠᠯᠭᠠᠰᠤᠨ ᠤ ᠢᠯᠡ ᠲᠣᠳᠣ ᠵᠢᠭᠤᠯᠴᠢᠯᠠᠯ ᠤᠨ ᠳᠦᠷᠢ ᠲᠥᠷᠬᠦ ᠶᠢ ᠳᠡᠭᠡᠭᠰᠢᠯᠡᠭᠦᠯᠪᠡ᠃     ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠴᠠᠢ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤᠯᠤᠰ ᠤᠨ ᠲᠡᠰ ᠤᠨ ᠨᠡᠷᠡᠲᠦ ᠦᠵᠡᠮᠵᠢ ᠶᠢᠨ ᠣᠷᠣᠨ ᠤ ᠴᠠᠢ ᠾᠧ ᠭᠤᠤᠯ ᠤᠨ ᠦᠵᠡᠮᠵᠢ ᠶᠢᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠦᠵᠡᠮᠵᠢ ᠶᠢᠨ ᠣᠷᠣᠨ ᠤ ᠬᠠᠮᠠᠭᠠᠯᠠᠯᠲᠠ ᠶᠢᠨ ᠲᠣᠤᠷ ᠢ ᠪᠢᠲᠡᠭᠦᠮᠵᠢᠯᠡᠨ ᠪᠢᠲᠡᠭᠦᠮᠵᠢᠯᠡᠬᠦ ᠲᠥᠷᠥᠯ  ᠵᠦᠢᠯ ᠢ ᠡᠬᠢᠯᠡᠭᠦᠯᠵᠦ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠶᠡᠭᠡ ᠡᠭᠦᠳᠡ᠂ ᠰᠢᠨ ᠶᠤᠸᠠᠢ ᠹᠧᠩ᠂ ᠸᠠᠩ ᠨᠢᠤ ᠹᠧᠩ ᠵᠡᠷᠭᠡ ᠭᠠᠵᠠᠷ ᠲᠤ ᠬᠠᠮᠠᠭᠠᠯᠠᠯᠲᠠ ᠶᠢᠨ ᠲᠣᠤᠷ ᠢ 5000 ᠤᠷᠲᠤᠳᠬᠠᠭᠰᠠᠨ ᠮᠧᠲᠷ ᠲᠣᠬᠢᠷᠠᠭᠤᠯᠪᠠ᠃ ᠴᠠᠢ ᠾᠧ ᠭᠤᠤᠯ ᠤᠨ ᠭᠤᠤᠯ ᠦᠵᠡᠮᠵᠢ ᠶᠢᠨ ᠣᠷᠣᠨ ᠤ ᠳᠣᠲᠣᠷᠠᠬᠢ ᠵᠣᠷᠢᠭᠤᠳᠠ ᠮᠠᠯᠲᠠᠨ ᠮᠠᠯᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠵᠦ᠂ ᠦᠵᠡᠮᠵᠢ ᠶᠢᠨ ᠣᠷᠣᠨ ᠤ ᠠᠮᠢ ᠠᠬᠤᠢ ᠶᠢᠨ ᠡᠬᠢ ᠪᠠᠶᠠᠯᠢᠭ ᠤᠨ ᠦᠵᠡᠮᠵᠢ ᠶᠢ ᠬᠠᠮᠠᠭᠠᠯᠠᠵᠤ᠂ ᠡᠭᠦᠨ ᠤ ᠬᠠᠮᠲᠤ ᠲᠡᠵᠢᠭᠡᠨ ᠦᠷᠡᠵᠢᠭᠦᠯᠬᠦ ᠪᠠᠭ᠎ᠠ ᠲᠣᠭᠤᠷᠢᠭ ᠢ ᠪᠥᠲᠥᠭᠡᠨ ᠪᠠᠶᠢᠭᠤᠯᠵᠤ ᠡᠷᠴᠢᠮᠵᠢᠭᠦᠯᠦᠨ ᠡᠵᠡᠩᠨᠡᠬᠦ᠂ ᠲᠣᠭᠤᠷᠢᠭ ᠬᠤᠪᠢᠶᠠᠨ ᠮᠠᠯ ᠬᠠᠷᠢᠭᠤᠯᠬᠤ ᠵᠡᠷᠭᠡ ᠰᠢᠯᠤᠭᠤᠳᠬᠠᠨ ᠬᠤᠷᠢᠭᠯᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠦᠵᠡᠮᠵᠢ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠬᠢᠭᠡᠳ ᠠᠷᠠᠳ ᠣᠯᠠᠨ ᠤ ᠮᠠᠯ ᠬᠠᠷᠢᠭᠤᠯᠬᠤ ᠵᠥᠷᠢᠴᠡᠯ ᠢ ᠨᠠᠮᠳᠠᠭᠤᠯᠪᠠ᠃     ᠴᠠᠢ ᠾᠧ ᠣᠢ ᠰᠢᠭᠤᠶ ᠶᠢᠨ ᠲᠣᠪᠴᠢᠶ᠎ᠠ᠂ ᠵᠠᠯᠠᠨ ᠠᠶᠢᠯ ᠤᠨ ᠠᠯᠳᠠᠷᠲᠤ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠴᠠᠢ ᠾᠧ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠠᠮᠲᠤᠪᠠᠷ ︽ᠣᠢ ᠮᠣᠳᠣᠨ ᠤ ᠭᠠᠵᠠᠷ ᠢ ᠬᠠᠮᠲᠤ ᠪᠠᠷ ᠪᠠᠶᠢᠭᠤᠯᠬᠤ᠂ ᠨᠢᠭᠡ ᠬᠥᠯᠭᠡ ᠰᠢᠲᠠᠷ᠎ᠠ ᠲᠠᠯᠪᠢᠬᠤ᠂ ᠨᠢᠭᠡ ᠭᠡᠷ ᠤᠨ ᠬᠥᠮᠦᠨ ᠮᠡᠲᠦ ᠳᠣᠲᠣᠨᠣ  ᠪᠠᠶᠢᠬᠤ᠂ ᠬᠠᠮᠲᠤ ᠠᠵᠢᠯᠯᠠᠬᠤ︾ ᠣᠶᠢᠯᠠᠭᠠᠭᠳᠠᠬᠤᠨ ᠢ  ᠦᠢᠯᠡᠳᠦᠯᠬᠡᠵᠢᠬᠦᠯᠬᠦ᠂ ᠴᠠᠢ ᠾᠧ ᠭᠤᠣᠯ ᠤᠨ ᠶᠡᠭᠡ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠲᠦᠩ ᠰᠢᠨ ᠲᠢᠶᠠᠨ ᡂᠢ ᠶᠢᠨ ᠨᠣᠭᠤᠭᠠᠷᠠᠭᠤᠯᠵᠤ ᠮᠣᠳᠣ ᠲᠠᠷᠢᠬᠤ ᠠᠵᠢᠯᠯᠠᠭ᠎ᠠ ᠶᠢ ᠬᠠᠮᠲᠤᠪᠠᠷ ᠥᠷᠨᠢᠭᠦᠯᠦᠨ᠎ᠡ᠃ ᠲᠤᠷᠤᠭ ᠮᠣᠳᠣ ︵ᠡᠭᠦᠯᠡᠨ ᠴᠦᠭᠦᠷᠰᠦ︶ ᠵᠢᠴᠢ ᠪᠤᠲᠠ ᠮᠣᠳᠣ ︵ᠭᠤᠤᠯᠲᠤ ᠮᠣᠳᠣ᠂ ᠭᠤᠷᠪᠠᠯᠵᠢᠨ ᠪᠠᠲᠤᠴᠠᠭᠠᠨ︶ 600 ᠭᠠᠷᠤᠶ ᠰᠠᠭᠤᠷᠢ ᠮᠣᠳᠣ ᠵᠠᠶᠢᠯᠠᠵᠤ᠂ 4000 ᠲᠡᠭᠰᠢ ᠳᠥᠷᠪᠡᠯᠵᠢᠨ ᠮᠧᠲᠷ ᠤᠨ ᠤᠷᠭᠤᠮᠠᠯ ᠬᠤᠴᠢᠯᠭ᠎ᠠ ᠶᠢ ᠰᠡᠷᠭᠦᠭᠡᠪᠡ᠃ ᠡᠭᠦᠨ ᠤ ᠳᠣᠲᠣᠷ᠎ᠠ 10 ᠮᠧᠲᠷ ᠥᠨᠳᠥᠷ ᠭᠠᠵᠠᠷ ᠤᠨᠠᠭᠰᠠᠨ ᠰᠠᠷᠠᠪᠴᠢᠨ ᠴᠦᠭᠦᠷᠰᠦ 191 ᠰᠠᠭᠤᠷᠢ ᠪᠠᠶᠢᠨ᠎ᠠ᠃ ᠭᠤᠤᠯᠲᠤ ᠤᠯᠠᠪᠤᠷ ᠮᠣᠳᠣ 146 ᠪᠣᠳᠠ᠂ ᠭᠤᠷᠪᠠᠯᠵᠢᠨ ᠪᠠᠲᠤᠴᠠᠭᠠᠨ 266 ᠰᠠᠭᠤᠷᠢ ᠪᠠᠶᠢᠵᠤ᠂ ᠠᠮᠢ ᠠᠬᠤᠶ ᠶᠢᠨ ᠰᠡᠷᠭᠦᠭᠡᠯᠲᠡ 4000 ᠲᠡᠭᠰᠢ ᠳᠥᠷᠪᠡᠯᠵᠢᠨ ᠮᠧᠲᠷ ᠪᠠᠶᠢᠨ᠎ᠠ᠃
 
ᠢᠷᠡᠯᠲᠡ᠄ ᠵᠠᠯᠠᠨ ᠠᠶᠢᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号