︵87 ᠳ᠋ᠤᠭᠠᠷ ᠲᠣᠭᠠᠲᠤ︶ ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠠᠯᠳᠠᠪᠤᠷᠢᠯᠠᠯ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2020/12/14
    2020 ᠣᠨ ᠤ 12 ᠰᠠᠷ᠎ᠠ ᠶᠢᠨ 7 ᠤ ᠡᠳᠦᠷ ᠠᠴᠠ ᠨᠠᠰᠢ᠂ ᠰᠧᠴᠤᠸᠠᠨ ᠮᠤᠵᠢ ᠶᠢᠨ ᠴᠧᠩᠳᠦ᠋ ᠬᠤᠲᠠ ᠶᠢᠨ ᠼᠦᠳᠦ᠋ ᠲᠣᠭᠤᠷᠢᠭ ᠬᠠᠷᠠᠮᠥ᠋ᠷᠡᠨ ᠮᠤᠵᠢ ᠶᠢᠨ ᠰᠦᠶ ᠹᠧᠨ ᠾᠧ ᠬᠤᠲᠠ ᠳ᠋ᠦᠩ ᠨᠢᠩ ᠬᠤᠲᠠ ᠵᠡᠷᠭᠡ ᠭᠠᠵᠠᠷ ᠣᠷᠣᠨ ᠤ ᠰᠢᠨ᠎ᠡ ᠲᠢᠲᠢᠮ ᠤᠨ ᠠᠭᠤᠰᠬᠢᠨ ᠦᠷᠪᠢᠰᠦᠯ ᠢ ᠣᠨᠣᠰᠢᠯᠠᠭᠰᠠᠨ ᠡᠪᠡᠳᠴᠢᠨ ᠤ ᠵᠢᠱᠢᠶ᠎ᠡ ᠵᠠᠯᠭᠠᠪᠠᠷ ᠨᠡᠮᠡᠭᠳᠡᠵᠡᠢ᠃ ᠣᠳᠣᠬᠠᠨ ᠤ ᠣᠯᠠᠨ ᠤᠯᠤᠰ ᠤᠨ ᠬᠢᠵᠢᠭ ‍ᠤᠨ‌‍ᠪᠠᠶᠢᠳᠠᠯ ᠦᠷᠭᠦᠯᠵᠢᠯᠡᠨ ᠳᠡᠯᠭᠡᠷᠡᠬᠦ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠳᠠᠬᠢᠨ ᠡᠭᠦᠰᠬᠦ ᠠᠶᠤᠯ ᠲᠦᠭᠰᠢᠭᠦᠷᠢ ᠠᠴᠠ ᠪᠣᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠨᠣᠪᠴᠢᠲᠠᠢ ᠰᠠᠶᠢᠲᠤᠷ ᠬᠢᠬᠦ ᠶᠢᠨ ᠲᠥᠯᠥᠭᠡ᠂     ᠨᠢᠭᠡ᠂ 11 ᠰᠠᠷ᠎ᠠ ᠶᠢᠨ 23 ᠤ ᠡᠳᠦᠷ ᠠᠴᠠ ᠨᠠᠰᠢ᠂ ᠰᠧᠴᠤᠸᠠᠨ ᠮᠤᠵᠢ ᠶᠢᠨ ᠴᠧᠩᠳᠦ᠋ ᠬᠤᠲᠠ᠂ ᠬᠠᠷᠠᠮᠥ᠋ᠷᠡᠨ ᠮᠤᠵᠢ ᠶᠢᠨ ᠰᠦᠶ ᠹᠤᠨ ᠾᠧ ᠬᠤᠲᠠ᠂ ᠳ᠋ᠦᠩ ᠨᠢᠩ ᠬᠤᠲᠠ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠵᠠᠷ ᠤᠨ ᠲᠣᠰᠬᠤᠨ ︵ᠰᠠᠭᠤᠭᠠᠯᠢ ᠠᠷᠠᠳ ᠤᠨ ᠵᠥᠪᠯᠡᠯ ︶ ᠤ ᠵᠥᠪᠯᠡᠯ ᠳᠤ ᠳᠠᠩᠰᠠᠯᠠᠭᠤᠯᠤᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠬᠥᠮᠦᠨ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢᠨ ᠡᠷᠡᠭᠦᠯ ᠢᠶᠠᠷ ᠨᠡᠪᠲᠡᠷᠡᠬᠦ ᠺᠣᠳ᠋ ᠢᠶᠠᠨ ᠭᠠᠷᠭᠠᠵᠤ ᠦᠵᠡᠭᠦᠯᠦᠭᠰᠡᠨ ᠪᠠᠶᠢᠬᠤ ᠬᠡᠷᠡᠭᠲᠡᠢ᠃ ᠪᠡᠶ᠎ᠡ ᠶᠢᠨ ᠳᠤᠯᠠᠭᠠᠨ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ︔ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠭᠡᠷᠡᠴᠢᠯᠡᠵᠦ ᠳᠡᠶᠢᠯᠬᠦ ᠦᠭᠡᠢ ᠪᠣᠯ ᠬᠠᠮᠤᠭ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠭᠠᠷᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ᠂ ᠬᠠᠮᠢᠶ᠎ᠠ ᠪᠦᠬᠦᠢ ᠵᠠᠷᠤᠳᠠᠯ ᠢ ᠥᠪᠡᠷ ᠢᠶᠠᠷ ᠰᠢᠢᠳᠪᠦᠷᠢᠯᠡᠵᠦ ᠪᠣᠯᠤᠨ᠎ᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠯᠵᠤ ᠮᠡᠳᠡᠪᠡᠯ᠂ ᠳᠠᠷᠤᠶ ᠲᠦᠷᠭᠡᠨ ᠱᠠᠭᠠᠷᠳᠠᠯᠭ᠎ᠠ ᠶᠣᠰᠣᠭᠠᠷ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠲᠡᠭᠡᠭᠡᠪᠦᠷᠢᠯᠡᠵᠦ ᠲᠤᠰᠠᠭᠠᠷᠯᠠᠨ ᠡᠮᠨᠡᠨ ᠵᠠᠰᠠᠭᠤᠯᠵᠤ᠂ ᠡᠪᠡᠳᠴᠢᠨ ᠡᠮᠭᠡᠭ ᠢ ᠬᠢᠵᠠᠭᠠᠷᠯᠠᠬᠤ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃     ᠬᠤᠶᠠᠷ᠂ 11 ᠰᠠᠷ᠎ᠠ ᠶᠢᠨ 23 ᠤ ᠡᠳᠦᠷ ᠠᠴᠠ ᠰᠡᠭᠦᠯᠡᠷ ᠳᠡᠭᠡᠷ᠎ᠡ ᠳᠤᠷᠠᠳᠤᠭᠰᠠᠨ ᠳᠤᠮᠳᠠ ᠪᠠ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠬᠠᠷᠢᠯᠴᠠᠵᠤ ᠥᠩᠭᠡᠷᠡᠭᠰᠡᠨ ᠮᠠᠨ ᠤ ᠬᠤᠲᠠ ᠶᠢᠨ ᠬᠥᠮᠦᠰ ᠲᠡᠷᠡ ᠳᠠᠷᠤᠶ ᠳᠤᠨᠢ ᠪᠠᠶᠢᠭ᠎ᠠ ᠭᠠᠵᠠᠷ ᠤᠨ ᠲᠣᠰᠬᠤᠨ ᠤ ︵ᠰᠠᠭᠤᠭᠠᠯᠢ ᠠᠷᠠᠳ ᠤᠨ︶ ᠵᠥᠪᠯᠡᠯ ᠳᠤ ᠳᠠᠩᠰᠠᠯᠠᠭᠤᠯᠤᠨ ᠮᠡᠳᠡᠭᠦᠯᠦᠨ ᠬᠦᠷᠭᠡᠵᠦ᠂ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠪᠠᠶᠢᠳᠠᠯ ᠭᠠᠷᠪᠠᠯ᠂ ᠨᠢᠭᠡ ᠯᠡ ᠤᠳᠠᠭ᠎ᠠ ᠬᠡᠷᠡᠭᠯᠡᠬᠦ ᠡᠮᠴᠢᠯᠡᠭᠡᠨ ᠤ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠵᠡᠬᠦᠵᠦ ᠴᠠᠭ ᠲᠤᠬᠠᠶ ᠳᠤᠨᠢ ᠣᠢᠷᠠᠯᠴᠠᠭᠠᠬᠢ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠡᠪᠡᠳᠴᠢᠨ ᠦᠵᠡᠭᠦᠯᠬᠦ ᠶᠠᠪᠤᠴᠠ ᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠲᠤ ᠰᠠᠭᠤᠬᠤ ᠠᠴᠠ ᠠᠯᠢ ᠴᠢᠳᠠᠬᠤ ᠪᠠᠷ ᠵᠠᠶᠢᠯᠠᠰᠬᠢᠵᠦ᠂ ᠬᠡᠷᠪᠡ ᠬᠦᠨᠳᠦ ᠨᠣᠴᠢᠲᠠᠶ ᠡᠪᠡᠳᠴᠢᠨ ᠤ ᠢᠯᠡᠷᠡᠯ ᠭᠠᠷᠪᠠᠯ ᠳᠠᠷᠤᠶ ᠲᠦᠷᠭᠡᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃     ᠭᠤᠷᠪᠠ᠂ ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ ᠦᠶ᠎ᠡ ᠳᠤ︶᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠳᠡᠷᠡᠬᠦᠯᠬᠦ ᠬᠡᠷᠡᠭᠲᠡᠢ᠃ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠶᠢ ᠠᠩᠬᠠᠷᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠂ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠴᠢᠬᠤᠯᠠ ᠦᠭᠡᠶ ᠪᠠᠶᠢᠬᠤ ᠬᠡᠷᠡᠭᠲᠡᠶ᠃ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠤᠴᠠᠵᠤ ᠢᠷᠡᠭᠰᠡᠨ ᠤ ᠳᠠᠷᠠᠭ᠎ᠠ ᠂ ᠮᠠᠨ ᠤ ᠬᠤᠲᠠ ᠶᠢᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃
 
           ᠵᠠᠯᠠᠨ ᠠᠶᠢᠯ ᠬᠤᠲᠠ ᠶᠢᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ
 
           ᠪᠠᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ
   
                   2020 ᠣᠨ ᠤ 12 ᠰᠠᠷ᠎ᠠ ᠶᠢᠨ 10 ᠤ ᠡᠳᠦᠷ
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号