ᠰᠢᠩ ᠬᠤᠸᠠ ᠵᠡᠭᠡᠯᠢ ᠭᠤᠳᠤᠮᠵᠢ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/15
    ᠨᠡᠶᠢᠭᠡᠮ ᠲᠣᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠤᠯᠠᠮ ᠨᠢᠭᠡ ᠠᠯᠬᠤᠮ ᠠᠬᠢᠭᠤᠯᠵᠤ ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠡᠶ᠎ᠡ ᠨᠠᠶᠢᠷᠲᠠᠶ᠂ ᠨᠡᠶᠢᠭᠡᠮ ᠲᠣᠭᠤᠷᠢᠭ ᠡᠶ᠎ᠡ ᠵᠣᠬᠢᠴᠠᠯ ᠲᠠᠢ ᠬᠠᠮᠲᠤ ᠪᠠᠷ ᠤᠷᠤᠭᠰᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠪᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠩᠬᠤ ᠶᠢᠨ ᠲᠥᠯᠥᠭᠡ ᠲᠦᠷᠦᠭᠦᠬᠡᠨ᠂ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠬᠠᠷᠢᠶᠠᠲᠤ ᠣᠷᠣᠨ ᠤ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     ᠠᠵᠢᠯᠯᠠᠭᠠᠨ ᠤ ᠳᠤᠮᠳᠠ ᠨᠡᠶᠢᠭᠡᠮ ᠲᠣᠭᠤᠷᠢᠭ ᠤᠨ ᠠᠵᠢᠯᠲᠠᠳ ᠵᠡᠭᠡᠯᠢ ᠳᠠᠭᠠᠤ ᠳᠡᠯᠭᠡᠭᠦᠷ ᠲᠤ ︽ᠦᠨᠳᠦᠰᠦᠲᠡᠨ ᠱᠠᠰᠢᠨ ᠰᠤᠷᠲᠠᠬᠤᠨ ᠤ ᠮᠡᠳᠡᠯᠭᠡ ᠶᠢᠨ ᠤᠬᠠᠭᠤᠯᠭ᠎ᠠ︾ ᠶᠢᠨ ᠭᠠᠷ ᠳᠡᠪᠲᠡᠷ ᠲᠠᠷᠬᠠᠭᠠᠵᠤ᠂ ︽ᠱᠠᠰᠢᠨ ᠰᠤᠷᠲᠠᠬᠤᠨ ᠤ ᠠᠵᠢᠯ ᠤᠨ ᠮᠡᠳᠡᠯᠭᠡ ᠶᠢᠨ ᠭᠠᠷ ᠳᠡᠪᠲᠡᠷ︾᠂ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠭᠦᠨᠵᠡᠭᠡᠶ ᠪᠥᠭᠡᠳ ᠣᠶᠢᠯᠠᠭᠠᠮᠵᠢᠲᠠᠶ ᠨᠢ ᠰᠠᠭᠤᠭᠠᠯᠢ ᠠᠷᠠᠳ ᠲᠤ ᠲᠠᠶᠢᠯᠪᠤᠷᠢᠯᠠᠨ ᠤᠬᠠᠭᠤᠯᠵᠤ᠂ ᠰᠠᠭᠤᠭᠠᠯᠢ ᠠᠷᠠᠳ ᠢ ᠳᠠᠶᠢᠴᠢᠯᠠᠨ ᠱᠠᠰᠢᠨ ᠰᠤᠷᠲᠠᠬᠤᠨ ᠤ ᠣᠨᠣᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠮᠡᠳᠡᠯᠭᠡ ᠶᠢ ᠰᠤᠷᠤᠯᠴᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠶᠢᠨ ᠬᠠᠮᠲᠤ ᠰᠠᠭᠤᠭᠠᠯᠢ ᠠᠷᠠᠳ ᠲᠤ ᠬᠠᠤᠯᠢ ᠶᠣᠰᠣᠨ ᠤ ᠱᠠᠰᠢᠨ ᠰᠤᠷᠲᠠᠬᠤᠨ ᠭᠡᠵᠦ ᠶᠠᠭᠤ ᠶᠢ ᠣᠶᠢᠯᠠᠭᠠᠭᠤᠯᠵᠤ᠂ ᠭᠠᠵᠢᠭᠤ ᠨᠣᠮᠯᠠᠯ ᠭᠡᠵᠦ ᠶᠠᠭᠤ ᠶᠢ ᠣᠶᠢᠯᠠᠭᠠᠭᠤᠯᠬᠤ ᠬᠡᠷᠡᠭᠲᠡᠶ᠃ ᠬᠠᠤᠯᠢ ᠶᠣᠰᠣᠨ ᠤ ᠱᠠᠰᠢᠨ ᠰᠤᠷᠲᠠᠬᠤᠨ ᠪᠠ ᠭᠠᠵᠢᠭᠤ ᠨᠣᠮᠯᠠᠯ ᠤᠨ ᠵᠠᠭᠠᠭ ᠢ ᠢᠯᠭᠠᠨ ᠲᠤᠳᠤᠯᠠᠬᠤ ᠶᠢ ᠰᠤᠷᠴᠤ᠂ ᠲᠤᠰ ᠪᠡᠶ᠎ᠡ ᠶᠢᠨ ᠱᠠᠰᠢᠨ ᠰᠢᠲᠦᠯᠭᠡ ᠶᠢᠨ ᠡᠷᠬᠡ ᠪᠠᠨ ᠬᠠᠤᠯᠢ ᠶᠣᠰᠣᠭᠠᠷ ᠪᠠᠲᠤᠯᠠᠨ᠎ᠠ᠃     ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠱᠠᠰᠢᠨ ᠰᠤᠷᠲᠠᠬᠤᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠱᠠᠰᠢᠨ ᠰᠤᠷᠲᠠᠬᠤᠨ ᠤ ᠠᠵᠢᠯ ᠢ ᠰᠢᠨ᠎ᠡ ᠨᠢᠭᠡᠨ ᠳᠡᠭᠲᠡᠷ ᠲᠤ ᠭᠠᠷᠭᠠᠵᠠᠶ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠠᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号