ᠰᠢᠶᠠᠩ ᠶᠠᠩ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠬᠤᠷᠢᠶ᠎ᠠ ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠶᠢᠨ ᠠᠵᠢᠯ ᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2020/12/15
    ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠵᠠᠯᠠᠭᠤᠴᠤᠳ ᠤᠨ ᠶᠡᠭᠡ ᠰᠤᠷᠤᠯᠴᠠᠯᠭ᠎ᠠ ᠳᠤ ᠣᠷᠣᠯᠴᠠᠬᠤ ᠬᠠᠯᠠᠮᠰᠢᠯ ᠢ ᠪᠠᠳᠣᠯᠠᠬᠤ ᠶᠢᠨ ᠲᠥᠯᠥᠭᠡ᠂ ᠡᠪᠯᠡᠯ ᠤᠨ ᠲᠥᠪ ᠬᠤᠷᠢᠶᠠᠨ ᠤ ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠠᠵᠢᠯᠯᠠᠭ᠎ᠠ ᠶᠢᠨ ᠤᠷᠢᠶᠠᠯᠠᠭ᠎ᠠ ᠶᠢ ᠢᠳᠡᠪᠬᠢᠲᠡᠶ ᠪᠠᠷ ᠴᠤᠤᠷᠢᠶᠠᠲᠤᠨ ᠳᠠᠭᠠᠵᠤ ᠦᠷ᠎ᠡ ᠳᠤ ᠰᠢᠶᠠᠩ ᠶᠠᠩ ᠵᠡᠭᠡᠯᠢ ᠭᠤᠳᠤᠮᠵᠢ ᠶᠢᠨ ᠡᠪᠯᠡᠯ ᠤᠨ ᠠᠵᠢᠯ ᠤᠨ ᠵᠥᠪᠯᠡᠯ ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃     ᠬᠤᠷᠠᠯ ᠠᠴᠠ ᠵᠠᠯᠠᠭᠤᠴᠤᠳ ᠤᠨ ᠶᠡᠭᠡ ᠰᠤᠷᠤᠯᠴᠠᠯᠭ᠎ᠠ ᠶᠢᠨ ᠤᠯᠤᠰ ᠲᠥᠷᠥ ᠶᠢᠨ ᠲᠠᠨᠢᠯᠲᠠ ᠶᠢ ᠳᠡᠭᠡᠭᠰᠢᠯᠡᠭᠦᠯᠬᠦ ᠰᠤᠷᠤᠯᠴᠠᠯᠭ᠎ᠠ ᠠᠵᠢᠯ ᠢ ᠬᠡᠷᠬᠢᠨ ᠨᠡᠩ ᠰᠠᠶᠢᠲᠤᠷ ᠠᠬᠢᠭᠤᠯᠬᠤ ᠲᠤᠬᠠᠶ ᠤᠨᠤᠯ ᠢᠶᠠᠷ ᠵᠡᠪᠰᠡᠭᠯᠡᠬᠦ ᠪᠠ ᠦᠵᠡᠯ ᠰᠠᠨᠠᠭ᠎ᠠ ᠪᠠᠷ ᠬᠥᠲᠥᠯᠥᠨ ᠵᠢᠯᠣᠭᠤᠳᠬᠤ ᠡᠷᠴᠢᠮ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠪᠠ᠃ ᠬᠤᠷᠠᠯ ᠠᠴᠠ ᠡᠯ᠎ᠡ ᠨᠡᠶᠢᠭᠡᠮ ᠲᠣᠭᠤᠷᠢᠭ ᠲᠣᠰᠬᠤᠨ ᠤ ᠨᠠᠮ ᠤᠨ ᠡᠭᠦᠷ ᠤᠨ ᠱᠦᠵᠢ ᠶᠢᠨ ᠵᠠᠯᠠᠭᠤᠴᠤᠳ ᠤᠨ ᠶᠡᠭᠡ ᠰᠤᠷᠤᠯᠴᠠᠯᠭ᠎ᠠ ᠶᠢᠨ ᠠᠵᠢᠯ ᠢ ᠠᠬᠢᠭᠤᠯᠬᠤ ᠶᠠᠪᠤᠴᠠ ᠳᠠᠬᠢ ᠠᠷᠭ᠎ᠠ ᠪᠣᠯᠤᠨ ᠬᠦᠴᠢᠷᠳᠡᠯ ᠢ ᠰᠣᠨᠣᠰᠴᠠᠶ᠃ ᠤᠯᠠᠨ ᠢᠶᠠᠷ ᠢᠶᠠᠨ ᠠᠬᠢᠭᠤᠯᠬᠤ ᠶᠠᠪᠤᠴᠠ ᠳᠤ ᠲᠤᠯᠭᠠᠷᠠᠭᠰᠠᠨ ᠵᠠᠷᠢᠮ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠳᠤ ᠲᠤᠬᠠᠢ ᠶᠢᠨ ᠲᠠᠯᠠᠪᠠᠢ ᠶᠢᠨ ᠬᠠᠷᠢᠭᠤᠯᠲᠠ ᠥᠭᠴᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠬᠤᠷᠠᠯ ᠳᠤ ᠣᠷᠣᠯᠴᠠᠭᠰᠠᠳ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠵᠠᠯᠠᠭᠤᠴᠤᠳ ᠤᠨ ᠶᠡᠭᠡ ᠰᠤᠷᠤᠯᠴᠠᠯᠭ᠎ᠠ ᠶᠢᠨ ᠰᠦᠯᠵᠢᠶᠡᠨ ᠳᠡᠭᠡᠷᠡᠬᠢ ᠪᠦᠯᠬᠦᠮ ᠤᠨ ᠬᠢᠴᠢᠶᠡᠯ ᠤᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠠᠶ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠪᠯᠡᠯ ᠤᠨ ᠭᠡᠰᠢᠭᠦᠨ ᠤ ᠲᠡᠷᠢᠭᠦᠨ ᠤ ᠴᠢᠨᠠᠷ ᠤᠨ ᠬᠥᠮᠦᠵᠢᠯ ᠢᠶᠠᠷ ᠳᠠᠮᠵᠢᠨ ᠡᠪᠯᠡᠯ ᠤᠨ ᠭᠡᠰᠢᠭᠦᠨ ᠤ ᠪᠡᠶ᠎ᠡ ᠪᠠᠨ ᠳᠠᠭᠠᠭᠠᠵᠤ ᠰᠤᠷᠤᠯᠴᠠᠬᠤ ᠢᠳᠡᠪᠬᠢᠵᠢᠯ ᠢ ᠬᠥᠭᠵᠢᠭᠡᠵᠦ᠂ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤ ᠦᠷᠢᠯᠳᠦᠭᠦᠯᠵᠦ᠂ ᠥᠷᠭᠡᠨ ᠣᠯᠠᠨ ᠡᠪᠯᠡᠯ ᠤᠨ ᠭᠡᠰᠢᠭᠦᠨ ᠵᠠᠯᠠᠭᠤᠴᠤᠳ ᠤᠨ ᠰᠦᠯᠵᠢᠶᠡᠨ ᠳᠡᠭᠡᠷᠡᠬᠢ ᠰᠤᠷᠤᠯᠴᠠᠯᠭ᠎ᠠ ᠳᠤ ᠣᠷᠣᠯᠴᠠᠬᠤ ᠶᠢ ᠨᠠᠩ ᠶᠡᠭᠡ ᠬᠡᠪᠴᠢᠶ᠎ᠡ ᠪᠠᠷ ᠨᠠᠩ ᠶᠡᠭᠡ ᠡᠷᠴᠢᠮ ᠢᠶᠠᠷ ᠠᠬᠢᠭᠤᠯᠵᠤ᠂ ᠮᠠᠨ ᠤ ᠬᠤᠲᠠ ᠶᠢᠨ ︽ᠵᠠᠯᠠᠭᠤᠴᠤᠳ ᠤᠨ ᠶᠡᠭᠡ ᠰᠤᠷᠤᠯᠴᠠᠯᠭ᠎ᠠ︾ ᠶᠢᠨ ᠠᠵᠢᠯᠯᠠᠭᠠᠨ ᠤ ᠰᠦᠯᠵᠢᠶᠡᠨ ᠳᠡᠭᠡᠷᠡᠬᠢ ᠭᠤᠣᠯ ᠰᠡᠳᠦᠪᠲᠦ ᠪᠦᠯᠬᠦᠮ ᠤᠨ ᠬᠢᠴᠢᠶᠡᠯ ᠤᠨ ᠣᠷᠣᠯᠴᠠᠬᠤ ᠬᠡᠮᠵᠢᠶ᠎ᠡ ᠪᠠ ᠪᠦᠷᠬᠦᠴᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号