ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠸᠧ ᠨᠢᠤ ᠾᠧ ᠪᠠᠯᠭᠠᠰᠤᠨ ᠳᠤ ᠬᠦᠷᠴᠦ ᠲᠥᠯᠥᠪᠯᠡᠭᠡᠲᠦ ᠦᠷᠡᠵᠢᠯ ᠤᠨ ᠪᠠᠶᠢᠴᠠᠭᠠᠯᠲᠠ ᠬᠢᠵᠦ ᠰᠢᠯᠭᠠᠨ ᠠᠪᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020/12/15
    12 ᠰᠠᠷ᠎ᠠ ᠶᠢᠨ 14 ᠤ ᠡᠳᠦᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠯᠢ ᠶᠦᠨ ᠹᠸᠢ ᠵᠡᠷᠭᠡ 4 ᠬᠥᠮᠦᠨ ᠸᠧ ᠨᠢᠤ ᠾᠧ ᠪᠠᠯᠭᠠᠰᠤᠨ ᠳᠤ ᠬᠦᠷᠴᠦ 2020 ᠣᠨ ᠤ ᠲᠥᠯᠥᠪᠯᠡᠭᠡᠲᠦ ᠦᠷᠡᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠯᠲᠠ ᠬᠢᠵᠦ ᠰᠢᠯᠭᠠᠨ ᠠᠪᠤᠪᠠ᠃     ᠪᠠᠶᠢᠴᠠᠭᠠᠬᠤ ᠳᠤᠭᠤᠶᠢᠯᠠᠩ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠪᠠᠶᠢᠴᠠᠭᠠᠨ ᠦᠵᠡᠬᠦ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2020 ᠣᠨ ᠤ ᠲᠥᠯᠥᠪᠯᠡᠭᠡᠲᠦ ᠦᠷᠡᠵᠢᠯ ᠤᠨ ᠰᠢᠯᠭᠠᠨ ᠬᠢᠨᠠᠬᠤ ᠬᠦᠢᠴᠡᠳᠬᠡᠯ ᠲᠤᠭ᠎ᠠ ᠶᠢ ᠰᠢᠯᠭᠠᠨ ᠦᠨᠡᠯᠡᠬᠦ ᠨᠠᠷᠢᠨ ᠲᠦᠷᠢᠮ ᠢᠶᠠᠷ ᠯᠠᠪᠯᠠᠯᠲᠠ ᠪᠣᠯᠭᠠᠵᠤ᠂ ᠪᠥᠬᠦ ᠠᠵᠢᠯᠲᠠᠨ ᠤ ᠬᠥᠮᠦᠨ ᠠᠮᠠ ᠶᠢᠨ ᠮᠡᠳᠡᠭᠡ ᠵᠠᠩᠭᠢ᠂ ᠱᠠᠩᠨᠠᠨ ᠲᠡᠳᠬᠦᠬᠦ᠂ ᠣᠨᠴᠠᠭᠠᠶ ᠲᠡᠳᠬᠦᠨ ᠳᠡᠮᠵᠢᠬᠦ᠂ ᠨᠠᠰᠤᠲᠠᠶᠢᠴᠤᠳ ᠤᠨ ᠡᠷᠡᠭᠦᠯ ᠮᠡᠨᠳᠦ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠤᠨ ᠮᠠᠲ᠋ᠧᠷᠢᠶᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠪᠠᠰᠠ ᠸᠧ ᠨᠢᠤ ᠾᠧ ᠪᠠᠯᠭᠠᠰᠤᠨ ᠤ ᠺᠣᠤ ᠱᠠᠨ ᠲᠣᠰᠬᠤᠨ ᠠᠴᠠ ᠲᠡᠭᠦᠨ ᠤ ᠲᠥᠯᠥᠪᠯᠡᠭᠡ ᠲᠠᠢ ᠪᠠᠷ ᠬᠡᠤᠬᠡᠳ ᠠᠪᠬᠤ ᠠᠵᠢᠯ ᠤᠨ ᠳᠣᠲᠣᠷᠠᠬᠢ ᠨᠢᠭᠤᠷ ᠤᠨ ᠮᠠᠲ᠋ᠧᠷᠢᠶᠠᠯ ᠳᠤ ᠪᠠᠶᠢᠴᠠᠭᠠᠯᠲᠠ ᠬᠢᠭᠰᠡᠨ ᠪᠥᠭᠡᠳ ᠺᠣᠤ ᠱᠠᠨ ᠲᠣᠰᠬᠤᠨ ᠠᠴᠠ ᠣᠶᠢᠷ᠎ᠠ ᠶᠢᠨ ᠬᠤᠶᠠᠷ ᠵᠢᠯ ᠲᠥᠷᠥᠭᠰᠡᠨ ᠠᠴᠠ ᠲᠠᠪᠤᠨ ᠡᠷᠦᠬᠡ ᠰᠣᠩᠭᠤᠨ ᠠᠪᠴᠤ ᠡᠷᠦᠬᠡ ᠳᠤ ᠬᠦᠷᠴᠦ ᠪᠠᠶᠢᠴᠠᠭᠠᠯᠲᠠ ᠬᠢᠭᠰᠡᠨ ᠪᠠᠶᠢᠨ᠎ᠠ᠃     ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠸᠧ ᠨᠢᠤ ᠾᠧ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠳᠡᠬᠡᠳᠦ ᠬᠡᠮᠵᠢᠶ᠎ᠡ ᠪᠠᠷ ᠰᠠᠶᠢᠨ ᠦᠨᠡᠯᠡᠵᠦ ᠭᠦᠢᠴᠡᠳ ᠨᠤᠲᠠᠯᠠᠵᠠᠶ᠂ ᠡᠭᠦᠨ ᠤ ᠬᠠᠮᠲᠤ ᠪᠠᠶᠢᠴᠠᠭᠠᠬᠤ ᠳᠤᠭᠤᠶᠢᠯᠠᠩ ᠪᠠᠶᠢᠴᠠᠭᠠᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢᠨ ᠲᠤᠬᠠᠶ ᠡᠷᠬᠢᠮ ᠨᠠᠨᠳᠢᠨ ᠰᠠᠨᠠᠯ ᠪᠠ ᠰᠠᠨᠠᠭᠤᠯᠭ᠎ᠠ ᠳᠤᠷᠠᠳᠴᠠᠶ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠪᠠᠶᠢᠴᠠᠭᠠᠵᠤ ᠰᠢᠯᠭᠠᠨ ᠠᠪᠬᠤ ᠠᠵᠢᠯ ᠢᠶᠠᠷ ᠳᠠᠮᠵᠢᠭᠤᠯᠤᠨ ᠸᠧ ᠨᠢᠤ ᠾᠧ ᠪᠠᠯᠭᠠᠰᠤᠨ ᠤ ᠲᠥᠯᠥᠪᠯᠡ ᠭᠡᠲᠦ ᠦᠷᠡᠵᠢᠯ ᠤᠨ ᠦᠨᠳᠦᠰᠦᠨ ᠱᠠᠲᠤᠨ ᠤ ᠰᠠᠭᠤᠷᠢ ᠠᠵᠢᠯ ᠢ ᠤᠯᠠᠮ ᠨᠢᠭᠡ ᠠᠯᠬᠤᠮ ᠪᠠᠲᠤᠳᠬᠠᠵᠤ᠂  ᠸᠧ ᠨᠢᠤ ᠾᠧ ᠪᠠᠯᠭᠠᠰᠤᠨ ᠤ ᠲᠥᠯᠥᠪᠯᠡᠭᠡᠲᠦ ᠦᠷᠡᠵᠢᠯ ᠤᠨ ᠠᠵᠢᠯ ᠢ ᠳᠠᠬᠢᠨ ᠨᠢᠭᠡ ᠳᠡᠭᠲᠡᠷ ᠲᠤ ᠭᠠᠷᠭᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号