ᠭᠤᠤ ᠲᠠᠢ ᠽᠢ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠬᠤᠶᠠᠷ ᠵᠥᠪᠯᠡᠯ ᠤᠨ ᠬᠤᠷᠠᠯ ᠬᠤᠷᠠᠯᠳᠤᠭᠤᠯᠵᠤ ᠵᠠᠯᠠᠨ ᠠᠶᠢᠯ ᠬᠤᠲᠠ ᠶᠢᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠶᠢᠨ ᠬᠤᠷᠠᠯ ᠪᠠ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ
ᠨᠡᠶᠢᠲᠡᠯᠡᠭᠰᠡᠨ ᠴᠠᠭ᠄
2020/12/16
    12 ᠰᠠᠷ᠎ᠠ ᠶᠢᠨ 15 ᠤ ᠡᠳᠦᠷ᠂ ᠭᠤᠤ ᠲᠠᠢ ᠽᠢ ᠵᠡᠭᠡᠯᠢ ᠭᠤᠳᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠱᠦᠵᠢ ᠸᠠᠩ ᠷᠦᠢ ᠬᠤᠸᠠ ᠵᠠᠯᠠᠨ ᠠᠶᠢᠯ ᠬᠤᠲᠠ ᠶᠢᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠶᠢᠨ ᠬᠤᠷᠠᠯ ᠪᠠ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠳᠤ ᠪᠠᠶᠢᠷᠢᠯᠠᠭᠤᠯᠤᠯᠲᠠ ᠬᠢᠪᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠷᠠᠯ ᠢ ᠨᠠᠮ ᠤᠨ ᠡᠭᠦᠷ ᠤᠨ ᠱᠦᠵᠢ ᠸᠠᠩ ᠷᠦᠢ ᠬᠤᠸᠠ ᠡᠷᠬᠢᠯᠡᠪᠡ᠃     ᠬᠤᠷᠠᠯ ᠳᠡᠭᠡᠷ᠎ᠡ᠂ ᠸᠠᠩ ᠷᠦᠢ ᠬᠤᠸᠠ ᠵᠠᠯᠠᠨ ᠠᠶᠢᠯ ᠬᠤᠲᠠ ᠶᠢᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠳᠠᠶᠢᠴᠢᠯᠠᠯᠲᠠ ᠶᠢᠨ ᠬᠤᠷᠠᠯ ᠪᠠ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠡᠭᠦᠨ ᠳᠤ ᠬᠤᠶᠠᠷ ᠵᠥᠪᠯᠡᠯ ᠤᠨ ᠪᠠᠭ ᠤᠨ ᠬᠤᠭᠤᠴᠠᠭ᠎ᠠ ᠰᠣᠯᠢᠬᠤ ᠬᠢᠷᠢ ᠬᠡᠮ ᠤᠨ ᠪᠠᠷᠢᠮᠵᠢᠶ᠎ᠠ᠂ ᠳᠠᠶᠢᠴᠢᠯᠠᠯᠲᠠ ᠪᠠᠶᠢᠷᠢᠯᠠᠭᠤᠯᠤᠯᠲᠠ᠂ ᠪᠠᠶᠢᠳᠠᠯ ᠢ ᠣᠶᠢᠯᠠᠭᠠᠬᠤ ᠪᠠᠶᠢᠴᠠᠭᠠᠯᠲᠠ᠂ ᠰᠠᠬᠢᠯᠭ᠎ᠠ ᠪᠠᠲᠤ ᠶᠢ ᠴᠢᠩᠳᠠᠯᠠᠬᠤ ᠵᠡᠷᠭᠡ ᠡᠯ᠎ᠡ ᠵᠦᠢᠯ ᠤᠨ ᠱᠠᠭᠠᠷᠳᠠᠯᠭ᠎ᠠ ᠶᠢ ᠪᠠᠭᠲᠠᠭᠠᠨ᠎ᠠ᠃ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠠᠳᠬᠤᠵᠤ᠂ ᠡᠷᠬᠡᠪᠰᠢ ᠨᠠᠷᠢᠨ ᠨᠢᠮᠪᠠᠶ ᠲᠥᠰᠦᠪᠯᠡᠨ ᠲᠥᠯᠥᠪᠯᠡᠵᠦ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ ᠨᠠᠷᠢᠯᠢᠭ ᠣᠨᠣᠴᠠᠲᠠᠶ ᠨᠠᠷᠢᠯᠢᠬᠵᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠶ᠃ ᠦᠨᠡᠨ ᠬᠦ ᠠᠳᠬᠤᠵᠤ ᠪᠣᠳᠠᠲᠠᠶ ᠠᠵᠢᠯᠯᠠᠬᠤ ᠰᠢᠯᠢᠳᠡᠭ ᠰᠤᠷᠲᠠᠯ ᠢᠶᠠᠷ ᠬᠤᠭᠤᠴᠠᠭ᠎ᠠ ᠰᠣᠯᠢᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃     ᠲᠤᠰ ᠤᠳᠠᠭᠠᠨ ᠤ ᠬᠤᠷᠠᠯ ᠢ ᠪᠠᠲᠤᠯᠠᠵᠤ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ᠂ ᠭᠦᠨᠵᠡᠭᠡᠢ ᠪᠥᠭᠡᠳ ᠯᠠᠪᠳᠠᠭᠤᠨ ᠪᠠᠲᠤᠲᠠᠢ ᠰᠤᠷᠲᠠᠯ ᠢᠶᠠᠷ ᠡᠨᠡ ᠤᠳᠠᠭ᠎ᠠ ᠶᠢᠨ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠵᠣᠬᠢᠶᠠᠨ ᠪᠠᠶᠢᠭᠤᠯᠤᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号