︵90  ᠳ᠋ᠦ᠋ᠭᠡᠷ ᠲᠣᠭᠠᠲᠤ︶ ᠵᠠᠯᠠᠨ ᠠᠶᠢᠯ ᠬᠤᠲᠠ ᠶᠢᠨ ᠰᠢᠨ᠎ᠡ ᠮᠠᠶ᠋ᠢᠭ ᠤᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ ᠤᠨ ᠵᠠᠷᠯᠠᠯ
ᠨᠡᠶᠢᠲᠡᠯᠡᠭᠰᠡᠨ ᠴᠠᠭ᠄
2020/12/17
    2020 ᠣᠨ ᠤ 12 ᠰᠠᠷ᠎ᠠ ᠶᠢᠨ 15 ᠤ ᠡᠳᠦᠷ᠂ ᠯᠢᠶᠣᠤᠨᠢᠩ ᠮᠤᠵᠢ ᠶᠢᠨ ᠳ᠋ᠠᠯᠢᠶᠠᠨ ᠬᠤᠲᠠ ᠭᠤᠤᠯᠳᠠᠯᠭ᠎ᠠ ᠲᠠᠢ ᠬᠥᠮᠦᠰ ᠢ ᠲᠣᠭᠲᠠᠮᠠᠯ ᠬᠤᠭᠤᠴᠠᠭ᠎ᠠ ᠲᠠᠢ ᠪᠠᠷ ᠴᠥᠮ᠎ᠡ ᠶᠢᠨ ᠬᠦᠴᠢᠯ ᠢ ᠪᠠᠶᠢᠴᠠᠭᠠᠨ ᠰᠢᠯᠭᠠᠬᠤ ᠳᠤᠮᠳᠠ 4 ᠡᠪᠡᠳᠴᠢᠨ ᠤ ᠰᠢᠨᠵᠢ ᠲᠡᠮᠳᠡᠭ ᠦᠭᠡᠶ ᠬᠠᠯᠳᠠᠪᠤᠷᠢᠯᠠᠭᠰᠠᠳ ᠢ ᠢᠯᠡᠷᠡᠭᠦᠯᠵᠡᠶ᠃ ᠬᠤᠯᠪᠣᠭᠳᠠᠯ ᠪᠦᠬᠦᠢ ᠤᠷᠤᠰᠬᠠᠯ ᠤᠨ ᠡᠪᠰᠡᠭᠦᠯᠬᠦ‍ ᠰᠢᠭᠰᠢᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠣᠳᠣᠬᠠᠨ ᠳᠤ ᠣᠯᠠᠨ ᠤᠯᠤᠰ ᠤᠨ ᠬᠢᠵᠢᠭ ᠤᠨ ᠪᠠᠶᠢᠳᠠᠯ ᠦᠷᠭᠦᠯᠵᠢᠯᠡᠨ ᠲᠠᠷᠬᠠᠭᠰᠠᠨ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠳᠠᠬᠢᠨ ᠡᠭᠦᠰᠬᠦ ᠠᠶᠤᠯ ᠲᠦᠭᠰᠢᠭᠦᠷᠢ ᠭᠠᠷᠴᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠨᠣᠪᠴᠢᠲᠠᠢ ᠰᠠᠶᠢᠲᠤᠷ ᠬᠢᠬᠦ ᠶᠢᠨ ᠲᠥᠯᠥᠭᠡ᠂     1. ᠣᠶᠢᠷ᠎ᠠ ᠶᠢᠨ ᠬᠤᠭᠤᠴᠠᠭᠠᠨ ᠳᠤ ᠥᠷᠭᠡᠨ ᠣᠯᠠᠨ ᠰᠠᠭᠤᠭᠠᠯᠢ ᠠᠷᠠᠳ ᠬᠡᠷᠪᠡ ᠣᠨᠴᠠᠭᠠᠶ ᠪᠠᠶᠢᠳᠠᠯ ᠦᠭᠡᠶ ᠪᠣᠯ ᠪᠢᠲᠡᠭᠡᠢ ᠳ᠋ᠠᠯᠢᠶᠠᠨ ᠬᠤᠲᠠ ᠳᠤ ᠣᠴᠢᠭᠠᠷᠠᠢ᠃     2. 12 ᠰᠠᠷ᠎ᠠ ᠶᠢᠨ 1 ᠤ ᠡᠳᠦᠷ ᠠᠴᠠ ᠨᠠᠰᠢ ᠳ᠋ᠠᠯᠢᠶᠠᠨ ᠬᠤᠲᠠ ᠶᠢᠨ ᠵᠤᠭᠠᠴᠠᠨ ᠰᠠᠭᠤᠭᠰᠠᠨ ᠲᠡᠦᠬᠡ ᠲᠠᠢ ᠬᠥᠮᠦᠰ᠂ ᠢᠯᠠᠩᠭᠤᠶ᠎ᠠ ᠳ᠋ᠠᠯᠢᠶᠠᠨ ᠬᠤᠲᠠ ᠶᠢᠨ ᠵᠢᠨᠵᠧᠦ ᠲᠣᠭᠤᠷᠢᠭ ᠤᠨ ᠵᠤᠭᠠᠴᠠᠨ ᠰᠠᠭᠤᠭᠰᠠᠨ ᠲᠡᠦᠬᠡ ᠲᠠᠢ ᠬᠥᠮᠦᠰ ᠲᠡᠷᠡ ᠳᠠᠷᠤᠶ ᠳᠤᠨᠢ ᠰᠠᠭᠤᠭ᠎ᠠ ᠭᠠᠵᠠᠷ ᠤᠨ ᠲᠣᠰᠬᠤᠨ ᠤ ︵ᠰᠠᠭᠤᠭᠠᠯᠢ ᠠᠷᠠᠳ ᠤᠨ︶ ᠵᠥᠪᠯᠡᠯ ᠳᠤ ᠰᠠᠨᠠᠭᠠᠴᠢᠯᠠᠭ᠎ᠠ ᠠᠴᠠ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠡᠭᠦᠨ ᠤ ᠬᠠᠮᠲᠤ ᠬᠢᠵᠢᠭ ᠤᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠠᠨᠠᠭᠠᠬᠤ ᠤᠬᠠᠭᠠᠨ ᠤ ᠠᠵᠢᠭᠯᠠᠯᠲᠠ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠠᠢ ᠬᠠᠮᠵᠢᠯᠴᠠᠨ᠎ᠠ᠃ ᠡᠭᠦᠨ ᠤ ᠬᠠᠮᠲᠤ ᠲᠤᠰ ᠪᠡᠶ᠎ᠡ ᠶᠢᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠬᠡᠷᠪᠡ ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ ᠵᠡᠷᠭᠡ ᠡᠪ ᠦᠭᠡᠢ ᠪᠠᠶᠢᠳᠠᠯ ᠢᠯᠡᠷᠡᠪᠡᠯ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠨ᠎ᠡ᠂ ᠣᠶᠢᠷ᠎ᠠ ᠬᠠᠪᠢ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠲᠦᠷᠭᠡᠨ ᠣᠴᠢᠵᠤ ᠡᠮᠨᠡᠭᠦᠯᠬᠦ ᠳᠡᠭᠡᠨ ᠡᠮᠴᠢ ᠶᠢᠨ ᠵᠢᠭᠤᠯᠴᠢᠯᠠᠯ ᠤᠨ ᠲᠡᠤᠬᠡ᠂ ᠣᠶᠢᠷᠠᠲᠤᠭᠰᠠᠨ ᠲᠡᠤᠬᠡ ᠶᠢ ᠰᠠᠨᠠᠭᠠᠴᠢᠯᠠᠭ᠎ᠠ ᠠᠴᠠ ᠪᠠᠨ ᠬᠡᠯᠡᠵᠦ ᠥᠭᠬᠦ ᠬᠡᠷᠡᠭᠲᠡᠶ᠃     3. 12 ᠰᠠᠷ᠎ᠠ ᠶᠢᠨ 16 ᠤ ᠡᠳᠦᠷ ᠠᠴᠠ ᠰᠡᠭᠦᠯᠡᠷ ᠳ᠋ᠠᠯᠢᠶᠠᠨ ᠬᠤᠲᠠ ᠠᠴᠠ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠲᠠᠢ ᠬᠥᠮᠦᠨ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢᠨ ᠡᠷᠡᠭᠦᠯ ᠢᠶᠠᠷ ᠨᠡᠪᠲᠡᠷᠡᠬᠦ ᠺᠣᠳ᠋ ᠢᠶᠠᠨ ᠭᠠᠷᠭᠠᠵᠤ ᠦᠵᠡᠭᠦᠯᠦᠭᠰᠡᠨ ᠪᠠᠶᠢᠬᠤ ᠭᠡᠷᠡᠭᠲᠡᠢ᠃ ᠪᠡᠶ᠎ᠡ ᠶᠢᠨ ᠳᠤᠯᠠᠭᠠᠨ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ︔ ᠬᠡᠷᠪᠡ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠢ ᠭᠡᠷᠡᠴᠢᠯᠡᠵᠦ ᠳᠡᠶᠢᠯᠬᠦ ᠦᠭᠡᠢ ᠪᠣᠯ ᠬᠠᠮᠤᠭ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ 24 ᠴᠠᠭ ᠤᠨ ᠳᠣᠲᠣᠷ᠎ᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠭᠠᠷᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ᠂ ᠬᠠᠮᠢᠶ᠎ᠠ ᠪᠦᠬᠦᠢ ᠵᠠᠷᠤᠳᠠᠯ ᠢ ᠥᠪᠡᠷ ᠢᠶᠠᠷ ᠰᠢᠢᠳᠪᠦᠷᠢᠯᠡᠵᠦ ᠪᠣᠯᠤᠨ᠎ᠠ᠃ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠯᠵᠤ ᠮᠡᠳᠡᠪᠡᠯ᠂ ᠳᠠᠷᠤᠶ ᠲᠦᠷᠭᠡᠨ ᠱᠠᠭᠠᠷᠳᠠᠯᠭ᠎ᠠ ᠶᠣᠰᠣᠭᠠᠷ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠲᠡᠭᠡᠭᠡᠪᠦᠷᠢᠯᠡᠵᠦ ᠲᠤᠰᠠᠭᠠᠷᠯᠠᠨ ᠡᠮᠨᠡᠨ ᠵᠠᠰᠠᠭᠤᠯᠵᠤ᠂ ᠡᠪᠡᠳᠴᠢᠨ ᠡᠮᠭᠡᠭ ᠢ ᠬᠢᠵᠠᠭᠠᠷᠯᠠᠬᠤ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠬᠡᠷᠡᠭᠲᠡᠶ᠃     4. ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ︵ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠣᠯᠠᠨ ᠨᠡᠶᠢᠲᠡ ᠶᠢᠨ ᠲᠠᠯᠠᠪᠤᠷ ᠲᠤ ᠠᠵᠢᠯᠯᠠᠭ᠎ᠠ ᠬᠢᠬᠦ ᠦᠶ᠎ᠡ ᠳᠤ︶᠂ ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠳᠡᠷᠡᠬᠦᠯᠬᠦ ᠬᠡᠷᠡᠭᠲᠡᠢ᠃ 1 ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠶᠢ ᠠᠩᠬᠠᠷᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ ᠶᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠂ ᠳᠤᠮᠳᠠ᠂ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠬᠤ ᠴᠢᠬᠤᠯᠠ ᠦᠭᠡᠶ ᠪᠠᠶᠢᠬᠤ ᠬᠡᠷᠡᠭᠲᠡᠶ᠃ ᠳᠤᠮᠳᠠ ᠠᠴᠠ ᠨᠢ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠪᠤᠴᠠᠵᠤ ᠢᠷᠡᠭᠰᠡᠨ ᠤ ᠳᠠᠷᠠᠭ᠎ᠠ᠂ ᠮᠠᠨ ᠤ ᠬᠤᠲᠠ ᠶᠢᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠶ᠃
   
               ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠭᠤᠰᠬᠢᠨ ᠦᠷᠪᠢᠰᠦᠯ
 
       ᠬᠠᠯᠳᠠᠪᠤᠷᠢᠯᠠᠯ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠭᠡᠷ
   
              2020 ᠣᠨ ᠤ 12 ᠰᠠᠷ᠎ᠠ ᠶᠢᠨ 16 ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号