ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠡᠪᠦᠯ ᠤᠨ ᠤᠯᠠᠷᠢᠯ ᠤᠨ ᠬᠠᠮᠲᠤᠷᠠᠭᠰᠠᠨ ᠶᠡᠭᠡ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2020/12/17
    ᠣᠶᠢᠷ᠎ᠠ ᠳᠤ᠂ ᠰᠠᠮᠠ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠵᠤ ᠬᠠᠷᠢᠭᠤᠴᠠᠯᠭ᠎ᠠ ᠨᠡᠬᠡᠮᠵᠢᠯᠡᠬᠦ︾ ᠶᠡᠭᠡ ᠪᠠᠶᠢᠴᠠᠭᠠᠯᠲᠠ ᠥᠷᠨᠢᠭᠦᠯᠪᠡ᠃     ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ ᠪᠦ᠋ ᠸᠧᠶ ᠳ᠋ᠦᠩ ᠤᠨ ᠵᠣᠬᠢᠶᠠᠨ ᠪᠠᠶᠢᠭᠤᠯᠤᠯᠲᠠ ᠪᠠ ᠤᠷᠢᠶᠠᠯᠠᠭ᠎ᠠ ᠳᠣᠣᠷ᠎ᠠ᠂ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠂ ᠠᠶᠤᠯ ᠦᠭᠡᠶ ᠦᠢᠯᠡᠳᠪᠦᠷᠢᠯᠡᠯ ᠤᠨ ᠠᠯᠪᠠᠨ ᠭᠡᠷ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠭᠠᠵᠠᠷ᠂ ᠲᠣᠮᠢᠯᠠᠭᠰᠠᠨ ᠰᠠᠯᠪᠤᠷᠢ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠴᠠᠬᠢᠯᠭᠠᠨ ᠥᠷᠲᠡᠭᠡ ᠵᠡᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠲᠤᠰ ᠲᠤᠰ ᠬᠠᠷᠢᠯᠴᠠᠵᠤ᠂ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠴᠢᠩᠭᠠᠳᠬᠠᠵᠤ ᠂ ᠠᠮᠤᠷ ᠲᠦᠪᠰᠢᠨ ᠪᠠ ᠬᠥᠭᠵᠢᠯᠲᠡ ᠭᠡᠬᠦ ᠬᠤᠶᠠᠷ ᠶᠡᠭᠡ ᠲᠠᠯ᠎ᠠ ᠶᠢ ᠨᠢᠭᠡᠳᠦᠯᠲᠡᠶ ᠲᠥᠯᠥᠪᠵᠢᠭᠦᠯᠵᠦ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠡᠷᠬᠡᠪᠰᠢ︾ ᠠᠵᠢᠯ ᠤᠨ ᠵᠠᠷᠴᠢᠮ ᠢ ᠴᠢᠩᠭᠠᠳᠬᠠᠵᠤ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃     ᠨᠢᠭᠡᠨ ᠡᠳᠦᠷ ᠢ ᠥᠩᠭᠡᠷᠡᠭᠦᠯᠦᠭᠡᠳ ᠰᠠᠮᠤᠷ ᠵᠡᠭᠡᠯᠢ ᠶᠢᠨ ᠡᠸᠡᠩᠬᠢ ᠦᠨᠳᠦᠰᠦᠲᠡᠨ ᠤ ᠰᠢᠶᠠᠩ ᠤᠨ ᠦᠨᠳᠦᠰᠦᠲᠡᠨ ᠤ ᠰᠤᠷᠭᠠᠭᠤᠯᠢ᠂ ᠵᠣᠴᠢᠳ ᠤᠨ ᠪᠠᠭᠤᠳᠠᠯ᠂ ᠬᠡᠲᠦ ᠳᠡᠯᠭᠡᠭᠦᠷ᠂ ᠪᠤᠯᠭᠤᠭᠰᠠᠨ ᠢᠳᠡᠭᠡᠨ ᠤ ᠳᠡᠯᠭᠡᠭᠦᠷ ᠂ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠪᠠᠶᠢᠴᠠᠭᠠᠬᠤ ᠶᠠᠪᠤᠴᠠ ᠳᠤ ᠪᠦ᠋ ᠸᠧᠢ ᠳ᠋ᠦᠩ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠬᠠᠷᠢᠭᠤᠴᠠᠯᠭ᠎ᠠ ᠲᠠᠢ ᠨᠢᠭᠡᠴᠡ ᠶᠢ ︽ᠣᠷᠣᠭᠤᠯᠤᠯᠲᠠ᠂ ᠪᠣᠯᠪᠠᠰᠤᠷᠠᠯ᠂ ᠦᠨᠳᠦᠰᠦᠨ ᠱᠠᠲᠤᠨ ᠤ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ︾ ᠲᠦᠷᠪᠡ ᠶᠢ ᠪᠣᠳᠠᠲᠠᠶᠢᠵᠢᠭᠤᠯᠵᠤ᠂ ᠣᠳᠣᠬᠠᠨ ᠤ ᠪᠠ ᠬᠤᠶᠠᠷ ᠪᠠᠶᠠᠷ᠂ ᠬᠤᠶᠠᠷ ᠬᠤᠷᠠᠯ ᠵᠡᠷᠭᠡ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠴᠢᠩᠭᠠᠳᠬᠠᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃     ᠡᠨᠡ ᠤᠳᠠᠭᠠᠨ ᠤ ᠪᠠᠶᠢᠴᠠᠭᠠᠯᠲᠠ ᠪᠠᠷ ᠳᠠᠮᠵᠢᠨ᠂ ᠡᠯ᠎ᠡ ᠬᠠᠷᠢᠭᠤᠴᠠᠯᠭᠠᠲᠤ ᠨᠢᠭᠡᠴᠡ᠂ ᠠᠵᠤ ᠠᠬᠤᠶᠢᠯᠠᠯ᠂ ᠵᠢᠵᠢᠭ ᠬᠤᠭᠤᠯᠠᠨ ᠰᠢᠷᠡᠭᠡ᠂ ᠬᠡᠲᠦ ᠳᠡᠯᠭᠡᠭᠦᠷ᠂ ᠰᠤᠷᠭᠠᠭᠤᠯᠢ ᠶᠢᠨ ᠭᠠᠳᠠᠨᠠᠬᠢ ᠪᠠᠶᠢᠷᠢ ᠶᠢᠨ ᠭᠠᠵᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠳᠡᠯ ᠢ ᠬᠤᠷᠢᠭᠯᠠᠬᠤ ᠳᠤ ᠤᠯᠠᠮ ᠨᠢᠭᠡ ᠠᠯᠬᠤᠮ ᠰᠠᠭᠤᠷᠢᠯᠠᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃
   
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号