ᠮᠥᠬᠦᠴᠢ ᠪᠠᠯᠭᠠᠰᠤ᠄ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ︽ᠲᠣᠭᠲᠠᠭᠤᠨ᠂ ᠴᠢᠩᠭ᠎ᠠ᠂ ᠪᠣᠳᠠᠲᠠᠶ︾ ᠶᠢ ᠳᠠᠶᠢᠴᠢᠯᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2020/12/17
    12 ᠰᠠᠷ᠎ᠠ ᠶᠢᠨ 16 ᠤ ᠡᠳᠦᠷ᠂ ᠮᠥᠬᠦᠴᠢ ᠪᠠᠯᠭᠠᠰᠤ ᠲᠣᠰᠬᠤᠨ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠳᠠᠶᠢᠴᠢᠯᠠᠯᠲᠠ ᠶᠢᠨ ᠪᠠᠶᠢᠷᠢᠯᠠᠭᠤᠯᠤᠯᠲᠠ ᠵᠢᠴᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠯ᠎ᠡ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠠᠶ᠃ ᠪᠦᠬᠦ ᠪᠠᠯᠭᠠᠰᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠳᠤ ᠪᠠᠶᠢᠷᠢᠯᠠᠭᠤᠯᠤᠯᠲᠠ ᠪᠣᠯᠪᠠᠰᠤᠷᠠᠯ ᠬᠢᠪᠡ᠃ ᠵᠠᠯᠠᠨ ᠠᠶᠢᠯ ᠬᠤᠲᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠬᠤᠶᠠᠳᠤᠭᠠᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠸᠠᠩ ᠵᠢᠤᠢ ᠶᠧ ᠬᠤᠷᠠᠯ ᠳᠤ ᠣᠷᠣᠯᠴᠠᠭᠰᠠᠨ ᠪᠥᠭᠡᠳ ᠵᠢᠯᠣᠭᠤᠳᠬᠤ ᠶᠠᠷᠢᠶ᠎ᠠ ᠲᠠᠯᠪᠢᠪᠠ᠃ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠪᠠᠯᠭᠠᠰᠤᠨ ᠳᠠᠷᠤᠭ᠎ᠠ ᠾᠧᠦ ᠹᠦ᠋ ᠮᠢᠩ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠲᠣᠰᠬᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ ᠬᠤᠷᠠᠯ ᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠪᠦᠦ ᠳ᠋ᠢᠶᠠᠨ ᠮᠢᠩ ᠡᠷᠬᠢᠯᠡᠪᠡ᠃     ᠬᠤᠷᠠᠯ ᠳᠡᠭᠡᠷ᠎ᠡ ᠪᠠᠯᠭᠠᠰᠤᠨ ᠤ ᠵᠣᠬᠢᠶᠠᠨ ᠪᠠᠶᠢᠭᠤᠯᠬᠤ ᠭᠡᠰᠢᠭᠦᠨ ᠮᠠ ᠼᠠᠢ ᠬᠤᠭᠤᠴᠠᠭ᠎ᠠ ᠰᠣᠯᠢᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ᠂ ᠰᠢᠯᠢᠳᠡᠭ ᠢ ᠨᠢ ᠰᠣᠩᠭᠤᠵᠤ ᠲᠣᠰᠬᠤᠨ ᠢ ᠬᠦᠴᠦᠷᠬᠡᠭᠵᠢᠭᠦᠯᠬᠦ ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠤᠳᠤᠷᠢᠳᠬᠤ ᠪᠠᠭ᠂ ᠬᠤᠭᠤᠴᠠᠭ᠎ᠠ ᠰᠣᠯᠢᠬᠤ ᠠᠵᠢᠯ ᠤᠨ ᠲᠠᠰ ᠳᠠᠷᠠᠭᠠᠯᠠᠯ ᠠᠯᠬᠤᠮ ᠳᠠᠷᠠᠭ᠎ᠠ ᠵᠡᠷᠭᠡ 5 ᠲᠠᠯ᠎ᠠ ᠪᠠᠷ ︽ᠮᠥᠭᠦᠴᠢ ᠪᠠᠯᠭᠠᠰᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠥᠰᠦᠯ︾ ᠢ ᠤᠩᠰᠢᠨ ᠨᠡᠶᠢᠲᠡᠯᠡᠪᠡ᠃     ᠸᠠᠩ ᠵᠢᠤᠢ ᠶᠧ ᠮᠥᠬᠦᠴᠢ ᠪᠠᠯᠭᠠᠰᠤᠨ ᠤ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠲᠥᠰᠦᠯ ᠤᠨ ᠰᠡᠳᠬᠢᠮᠵᠢ ᠲᠣᠳᠣᠷᠬᠠᠶ᠂ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠵᠡᠷᠭᠡ ᠶᠢ ᠬᠦᠢᠴᠡᠳ ᠨᠤᠲᠠᠯᠠᠵᠠᠶ᠃ ᠡᠭᠦᠨ ᠤ ᠬᠠᠮᠲᠤ ᠲᠤᠰ ᠤᠳᠠᠭᠠᠨ ᠤ ᠲᠣᠰᠬᠤᠨ᠂ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠪᠣᠯ ᠲᠣᠰᠬᠤᠨ ᠤ ᠬᠤᠶᠠᠷ ᠵᠥᠪᠯᠡᠯ ᠤᠨ ᠤᠳᠤᠷᠢᠳᠬᠤ ᠪᠠᠭ ᠤᠨ 5 ᠵᠢᠯ ᠤᠨ ᠲᠤᠰᠢᠶᠠᠯ ᠤᠨ ᠬᠤᠭᠤᠴᠠᠭ᠎ᠠ ᠶᠢ ᠬᠡᠷᠡᠭᠵᠢᠭᠦᠯᠬᠦ ᠠᠩᠬ᠎ᠠ ᠤᠳᠠᠭᠠᠨ ᠤ ᠬᠤᠭᠤᠴᠠᠭ᠎ᠠ ᠪᠣᠯᠤᠨ᠎ᠠ ᠭᠡᠵᠦ ᠵᠢᠭᠠᠵᠤ ᠭᠠᠷᠭᠠᠪᠠ᠃ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠬᠦ ᠦᠨᠳᠦᠰᠦᠨ ᠪᠠᠲᠤᠯᠠᠭ᠎ᠠ ᠮᠥᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠠᠶᠢᠵᠤ᠂ ᠴᠢᠬᠤᠯᠠ ᠶᠡᠭᠡ ᠨᠥᠯᠥᠭᠡ᠂ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ︔ ᠬᠤᠶᠠᠷ ᠲᠤ ᠬᠠᠤᠯᠢ ᠲᠦᠷᠢᠮ ᠲᠣᠭᠲᠠᠭᠠᠯ ᠢ ᠴᠢᠩᠭ᠎ᠠ ᠵᠢᠷᠤᠮᠯᠠᠨ᠂ ᠬᠤᠭᠤᠴᠠᠭ᠎ᠠ ᠰᠣᠯᠢᠬᠤ ᠠᠵᠢᠯ ᠤᠨ ᠡᠷᠡᠭᠦᠯ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠭᠤᠷᠪᠠ ᠳᠤ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠵᠢᠯᠣᠭᠤᠳᠬᠤ ᠳᠤᠭᠤᠢᠯᠠᠩ ᠮᠥᠬᠦᠴᠢ ᠪᠠᠯᠭᠠᠰᠤᠨ ᠤ ᠨᠠᠮ ᠤᠨ ᠬᠤᠷᠢᠶ᠎ᠠ ᠲᠠᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠣᠰᠬᠤᠨ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠬᠠᠮᠲᠤᠪᠠᠷ ᠰᠠᠶᠢᠲᠤᠷ ᠬᠢᠵᠡᠶ᠃ ᠬᠤᠭᠤᠴᠠᠭ᠎ᠠ ᠰᠣᠯᠢᠬᠤ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠨ᠎ᠠ᠃     ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠾᠧᠦ ᠹᠦ᠋ ᠮᠢᠩ ᠲᠥᠯᠥᠭᠡᠯᠡᠭᠴᠢ᠂ ᠰᠠᠭᠤᠭᠠᠯᠢ ᠨᠠᠮ ᠤᠨ ᠡᠭᠦᠷ ᠤᠨ ᠱᠦᠵᠢ ᠲᠠᠢ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃ ᠡᠭᠦᠨ ᠤ ᠬᠠᠮᠲᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠴᠢ ᠬᠤᠯᠪᠣᠭᠳᠠᠯ ᠢ ᠲᠤᠭᠤᠰᠢᠲᠠᠶ ᠣᠶᠢᠯᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ︔ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠭᠤᠴᠠᠭ᠎ᠠ ᠰᠣᠯᠢᠬᠤ ᠶᠠᠪᠤᠴᠠ ᠶᠢᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠣᠷᠴᠢᠨ ᠲᠣᠭᠤᠷᠢᠨ ᠤ ᠠᠷᠢᠭᠤᠨ ᠴᠢᠬᠡᠴᠢ ᠣᠪᠣᠷ ᠲᠥᠪ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠤᠭᠤᠴᠠᠭ᠎ᠠ ᠰᠣᠯᠢᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠵᠡᠷᠭᠡ 4 ᠲᠠᠯ᠎ᠠ ᠪᠠᠷ᠂ ᠪᠥᠬᠦ ᠪᠠᠯᠭᠠᠰᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠴᠢᠬᠤᠯᠠ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠪᠠ᠃     ᠳᠠᠶᠢᠴᠢᠯᠠᠯᠲᠠ ᠬᠢᠵᠦ ᠬᠤᠷᠠᠯ ᠪᠠᠶᠢᠷᠢᠯᠠᠭᠤᠯᠤᠭᠰᠠᠨ ᠤ ᠳᠠᠷᠠᠭ᠎ᠠ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠳᠠᠷᠤᠶ ᠲᠦᠷᠭᠡᠨ ᠬᠤᠷᠠᠯᠳᠤᠭᠤᠯᠵᠤ᠂ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ᠂ ᠠᠵᠢᠯ ᠤᠨ ᠱᠠᠭᠠᠷᠳᠠᠯᠭ᠎ᠠ᠂ ᠭᠤᠤᠯᠳᠠᠯᠭ᠎ᠠ ᠲᠠᠢ ᠡᠭᠦᠷᠭᠡ ᠶᠢᠨ ᠲᠤᠬᠠᠶ ᠰᠢᠰᠲ᠋ᠧᠮ ᠲᠠᠢ ᠪᠣᠯᠪᠠᠰᠤᠷᠠᠯ ᠬᠢᠵᠦ᠂ ᠬᠤᠭᠤᠴᠠᠭ᠎ᠠ ᠰᠣᠯᠢᠬᠤ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号