ᠴᠠᠢ ᠾᠧ ᠪᠠᠯᠭᠠᠰᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/17
    12 ᠰᠠᠷ᠎ᠠ ᠶᠢᠨ 16 ᠤ ᠡᠳᠦᠷ᠂ ᠴᠠᠢ ᠾᠧ ᠪᠠᠯᠭᠠᠰᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠪᠠ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠤᠨ ᠬᠤᠷᠠᠯ ᠬᠢᠪᠠ᠃ ᠬᠤᠲᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ‍ᠤᠨ‌ᠨᠠᠢᠮᠠᠳᠤᠭᠠᠷ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠴᠠᠢ ᠾᠧ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠵᠢᠶ ᠴᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠬᠤ ᠶᠢᠨ ᠬᠠᠮᠲᠤ ᠶᠠᠷᠢᠶ᠎ᠠ ᠲᠠᠯᠪᠢᠪᠠ᠃ ᠬᠤᠲᠠ ᠪᠠᠯᠭᠠᠰᠤ ᠬᠤᠶᠠᠷ ᠱᠠᠲᠤᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠪᠠᠯᠭᠠᠰᠤᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠡᠯ᠎ᠡ ᠨᠡᠶᠢᠭᠡᠮ ᠲᠣᠭᠤᠷᠢᠭ ᠤᠨ ᠬᠤᠶᠠᠷ ᠵᠥᠪᠯᠡᠯ᠂ ᠨᠢᠭᠡᠳᠦᠭᠡᠷ ᠱᠦᠵᠢ ᠬᠤᠷᠠᠯ ᠳᠤ ᠣᠷᠣᠯᠴᠠᠪᠠ᠃ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠵᠠᠩ ᠱᠣᠤ ᠹᠤᠩ ᠬᠤᠷᠠᠯ ᠢ ᠡᠷᠭᠢᠯᠡᠪᠡ᠃      ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠭᠦᠸᠧ ᠸᠧᠶ ᠴᠠᠶ ᠾᠧ ᠪᠠᠯᠭᠠᠰᠤᠨ ᠤ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠰᠣᠩᠬᠤᠭᠤᠯᠢ ᠶᠢᠨ ᠲᠥᠰᠦᠯ ᠤᠨ ᠲᠤᠬᠠᠶ ᠲᠣᠳᠣᠷᠬᠠᠶᠢᠯᠠᠯᠲᠠ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠠᠨ ᠶᠦᠨ ᠮᠠᠩ ᠼᠠᠶ ᠾᠧ ᠪᠠᠯᠭᠠᠰᠤᠨ ᠤ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠵᠢᠴᠢ ᠨᠡᠶᠢᠭᠡᠮ ᠲᠣᠭᠤᠷᠢᠭ ᠤᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ ᠢ ᠤᠩᠰᠢᠨ ᠨᠡᠶᠢᠲᠡᠯᠡᠵᠡᠶ᠃ ᠬᠤᠲᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠨᠠᠢᠮᠠᠳᠤᠭᠠᠷ ᠵᠢᠯᠣᠭᠤᠳᠬᠤ ᠳᠤᠭᠤᠶᠢᠯᠠᠩ ᠤᠨ ᠳᠡᠳ᠋ ᠳᠠᠷᠤᠭ᠎ᠠ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠵᠢᠭᠤᠯᠴᠢᠯᠠᠯ ᠤᠨ ᠤᠬᠠᠭᠤᠯᠭ᠎ᠠ ᠡᠵᠡᠩᠨᠡᠨ ᠪᠣᠷᠣᠯᠠᠭᠤᠯᠬᠤ ᠰᠠᠯᠠᠭᠠᠨ ᠤ ᠳᠡᠳ᠋ ᠳᠠᠷᠤᠭ᠎ᠠ ᠯᠢ ᠴᠤᠤ ᠬᠤᠲᠠ ᠶᠢᠨ ᠵᠢᠯᠣᠭᠤᠳᠬᠤ ᠳᠤᠭᠤᠶᠢᠯᠠᠩ ᠢ ᠲᠥᠯᠥᠭᠡᠯᠡᠨ ᠵᠢᠯᠣᠭᠤᠳᠬᠤ ᠰᠠᠨᠠᠯ ᠢ ᠤᠩᠰᠢᠨ ᠨᠡᠶᠢᠲᠡᠯᠡᠪᠡ᠃     ᠶᠠᠩ ᠵᠢᠶ ᠴᠦᠨ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ ︾ ᠤᠨ ᠬᠤᠭᠤᠴᠠᠭ᠎ᠠ ᠰᠣᠯᠢᠬᠤ ᠠᠵᠢᠯ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠨᠢᠭᠡᠨ ᠴᠢᠬᠤᠯᠠ ᠠᠵᠢᠯ ᠪᠣᠯᠬᠤ ᠲᠤᠯᠠ ᠡᠷᠬᠡᠪᠰᠢ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠨᠢᠮᠪᠠᠶ ᠵᠢᠷᠤᠮ᠂ ᠬᠠᠮᠤᠭ ᠤᠨ ᠴᠢᠩᠭ᠎ᠠ ᠰᠠᠬᠢᠯᠭ᠎ᠠ ᠪᠠᠲᠤ ᠪᠠᠷ ᠠᠵᠢᠯᠯᠠᠬᠤ ᠬᠡᠷᠡᠭᠲᠡᠶ᠃ ᠬᠤᠭᠤᠴᠠᠭ᠎ᠠ ᠰᠣᠯᠢᠬᠤ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠬᠤᠭᠤᠴᠠᠭ᠎ᠠ ᠰᠣᠯᠢᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠶᠠᠩ ᠵᠢᠶ ᠴᠦᠨ ᠱᠠᠭᠠᠷᠳᠠᠭᠰᠠᠨ ᠨᠢ᠂ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠶ᠃ ᠬᠤᠶᠠᠷ ᠲᠤ᠂ ᠤᠯᠤᠰ ᠲᠦᠷᠦ ᠶᠢᠨ ᠪᠣᠭᠤᠮᠲᠠ ᠶᠢ ᠰᠠᠶᠢᠲᠤᠷ ᠡᠵᠡᠮᠳᠡᠵᠦ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠴᠢᠳᠠᠮᠵᠢ ᠶᠢ ᠴᠢᠩᠭᠠᠳᠬᠠᠵᠤ ᠬᠤᠷᠴᠠ ᠴᠢᠳᠠᠮᠠᠭᠠᠢ ᠥᠨᠳᠥᠷ ᠪᠦᠲᠦᠮᠵᠢᠲᠡᠢ ᠪᠠᠶᠢᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠠᠵᠢᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠵᠢᠷᠤᠮᠵᠢᠭᠤᠯᠬᠤ ᠶᠢ ᠪᠠᠲᠤᠯᠠᠬᠤ ᠬᠡᠷᠡᠭᠲᠡᠶ᠃ ᠳᠥᠷᠪᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠬᠤᠭᠤᠴᠠᠭ᠎ᠠ ᠰᠣᠯᠢᠬᠤ ᠠᠵᠢᠯ ᠳᠠᠬᠢ ᠤᠳᠤᠷᠢᠳᠬᠤ ᠡᠷᠬᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃ ᠬᠤᠭᠤᠴᠠᠭ᠎ᠠ ᠰᠣᠯᠢᠬᠤ ᠠᠵᠢᠯ ᠢ ᠥᠨᠳᠥᠷ ᠵᠣᠭᠰᠣᠴᠠ᠂ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠲᠠᠪᠤ ᠳᠤ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠴᠢᠩᠭᠠᠳᠬᠠᠵᠤ᠂ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠰᠡᠳᠬᠢᠴᠡ ᠪᠠ 2021 ᠤᠨ ᠭᠤᠣᠯᠳᠠᠯᠭ᠎ᠠ ᠲᠠᠢ ᠠᠵᠢᠯ ᠢ ᠱᠠᠯᠠᠪᠳᠠᠨ ᠲᠥᠰᠦᠪᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠤᠶᠠᠷ ᠢ ᠥᠯᠥ ᠰᠠᠭᠠᠲᠠᠭᠠᠬᠤ ᠬᠤᠶᠠᠷ ᠢ ᠠᠬᠢᠭᠤᠯᠬᠤ ᠶᠢ ᠦᠨᠡᠨ ᠬᠦ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠦᠨᠡᠨ ᠬᠦ ᠪᠠᠲᠤᠯᠠᠨ᠎ᠠ᠃      ᠬᠤᠭᠤᠴᠠᠭ᠎ᠠ ᠰᠣᠯᠢᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠶᠠᠩ ᠵᠢᠢ ᠴᠦᠨ ᠡᠯ᠎ᠡ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠠᠢ ᠬᠤᠭᠤᠴᠠᠭ᠎ᠠ ᠰᠣᠯᠢᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠪᠦᠬᠦ ᠠᠵᠢᠯᠲᠠᠳ ᠠᠵᠢᠯ ᠶᠢᠨ ᠠᠮᠠᠯᠠᠯᠲᠠ ᠶᠢᠨ ᠪᠢᠴᠢᠭ ᠲᠣᠭᠲᠠᠪᠠ᠃      ᠳᠠᠶᠢᠴᠢᠯᠠᠯᠲᠠ ᠬᠢᠵᠦ ᠬᠤᠷᠠᠯ ᠪᠠᠶᠢᠷᠢᠯᠠᠭᠤᠯᠤᠭᠰᠠᠨ ᠤ ᠳᠠᠷᠠᠭ᠎ᠠ᠂ ᠪᠠᠯᠭᠠᠰᠤᠨ ᠤ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠤᠯᠭ᠎ᠠ ᠵᠠᠩ ᠱᠣᠤ ᠹᠤᠩ᠂ ᠭᠦᠸᠧ ᠸᠧᠶ᠂ ᠴᠧᠩ ᠢ ᠸᠧᠶ ᠬᠤᠭᠤᠴᠠᠭ᠎ᠠ ᠰᠣᠯᠢᠬᠤ ᠠᠵᠢᠯ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号