ᠣᠶᠢᠷ᠎ᠠ ᠶᠢᠨ ᠬᠤᠭᠤᠴᠠᠭᠠᠨ ᠳᠤ᠂ ᠲᠢᠶᠠᠨᠵᠢᠨ ᠱᠠᠩᠬᠠᠶ ᠵᠡᠷᠭᠡ ᠭᠠᠵᠠᠷ ᠲᠤ ᠭᠠᠳᠠᠭᠠᠳᠤ ᠠᠴᠠ | ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠵᠢᠴᠢ ᠭᠠᠳᠠᠭᠠᠳᠤ ᠠᠴᠠ ᠣᠷᠣᠭᠤᠯᠤᠭᠰᠠᠨ ᠡᠳ᠋ ᠪᠣᠳᠠᠰ ᠲᠠᠢ | ᠬᠤᠯᠪᠣᠭᠳᠠᠭᠰᠠᠨ ᠬᠢᠵᠢᠭ ᠣᠯᠠᠨ ᠤᠳᠠᠭ᠎ᠠ ᠡᠭᠦᠰᠴᠦ᠂ ᠭᠠᠳᠠᠭᠠᠳᠤ ᠳᠤ ᠣᠷᠣᠭᠤᠯᠬᠤ ᠶᠢ ᠰᠡᠷᠬᠡᠶᠢᠯᠡᠵᠦ᠂ | ᠳᠣᠲᠣᠭᠠᠳᠤ ᠳᠤ ᠳᠠᠬᠢᠨ ᠡᠬᠦᠰᠬᠦ ᠶᠢ ᠰᠡᠷᠭᠡᠶᠢᠯᠡᠬᠦ ᠵᠡᠷᠭᠡ ᠠᠵᠢᠯ ᠢ ᠣᠨᠣᠪᠴᠢᠲᠠᠶ ᠰᠠᠶᠢᠲᠤᠷ ᠬᠢᠵᠦ᠂ ᠰᠢᠨ᠎ᠡ | ᠲᠢᠲᠢᠮᠯᠢᠭ ᠬᠢᠵᠢᠭ ᠳᠡᠯᠭᠡᠷᠡᠬᠦ ᠠᠶᠤᠯ ᠲᠦᠭᠰᠢᠭᠦᠷᠢ ᠶᠢ ᠪᠦᠲᠦᠮᠵᠢᠲᠡᠶ ᠬᠢᠵᠠᠭᠠᠷᠯᠠᠨ ᠪᠠᠭᠤᠷᠠᠭᠤᠯᠬᠤ ᠶᠢᠨ ᠲᠥᠯᠥᠭᠡ᠂ | ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠵᠢᠴᠢ ᠭᠠᠳᠠᠭᠠᠳᠤ ᠠᠴᠠ ᠣᠷᠣᠭᠤᠯᠤᠭᠰᠠᠨ | ᠪᠤᠰᠤᠳ ᠡᠳ᠋ ᠪᠣᠳᠠᠰ ᠲᠤ ᠴᠢᠭᠯᠡᠭᠦᠯᠦᠨ᠂ ᠳᠣᠤᠷᠠᠬᠢ ᠮᠡᠲᠦ ᠰᠡᠷᠭᠡᠶᠢᠯᠡᠨ ᠡᠵᠡᠮᠳᠡᠬᠦ ᠰᠠᠨᠠᠭᠤᠯᠭ᠎ᠠ ᠳᠤᠷᠠᠳᠤᠶ᠎ᠠ᠄ | ᠨᠢᠭᠡ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠬᠤᠳᠠᠯᠳᠤᠨ ᠠᠪᠬᠤ ᠳᠠᠭᠠᠨ ᠰᠡᠷᠭᠡᠶᠢᠯᠡᠨ ᠡᠵᠡᠮᠳᠡᠬᠦ ᠳᠤ | ᠠᠩᠬᠠᠷᠬᠤ ᠵᠦᠢᠯᠡᠰ | ᠵᠢᠩᠬᠢᠨᠢ ᠬᠡᠲᠦ ᠳᠡᠯᠭᠡᠭᠦᠷ ᠪᠤᠶᠤ ᠵᠠᠬ᠎ᠠ ᠳᠡᠯᠭᠡᠭᠦᠷ ᠲᠤ ᠬᠦᠷᠴᠦ ᠲᠦᠭᠦᠬᠡᠶ ᠰᠢᠨ᠎ᠡ ᠰᠣᠷᠭᠤᠭ ᠢᠳᠡᠭᠡᠨ ᠢ | ᠰᠣᠩᠭᠤᠨ ᠬᠤᠳᠠᠯᠳᠤᠨ ᠠᠪᠤᠪᠠᠯ ᠵᠣᠬᠢᠨ᠎ᠠ᠂ ᠢᠳᠡᠭᠡᠨ ᠤ ᠭᠠᠷᠤᠯᠲᠠ ᠶᠢᠨ ᠭᠠᠵᠠᠷ᠂ ᠢᠷᠡᠯᠲᠡ᠂ ᠭᠠᠳᠠᠭᠠᠳᠤ ᠠᠴᠠ | ᠣᠷᠣᠭᠤᠯᠤᠭᠰᠠᠨ ᠢᠳᠡᠭᠡᠨ ᠤ ᠬᠢᠵᠢᠭ ᠪᠠᠶᠢᠴᠠᠭᠠᠬᠤ᠂ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠭᠡᠷᠡᠴᠢ᠂ | ᠠᠷᠢᠭᠤᠳᠬᠠᠭᠰᠠᠨ ᠭᠡᠷᠡᠴᠢ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠠᠩᠬᠠᠷᠴᠤ᠂ ᠨᠡᠭᠦᠳᠡᠯ ᠳᠡᠯᠭᠡᠭᠦᠷᠴᠢᠨ ᠪᠤᠶᠤ | ᠢᠷᠡᠯᠲᠡ ᠶᠢᠨ ᠮᠡᠳᠡᠭᠡ ᠵᠠᠩᠭᠢ ᠶᠢ ᠲᠣᠳᠣᠷᠬᠠᠶᠢᠯᠠᠭᠰᠠᠨ ᠦᠭᠡᠶ ᠰᠦᠯᠵᠢᠶᠡᠨ ᠤ ᠴᠥᠷᠬᠡᠯᠡᠭᠡ ᠪᠠᠷ ᠬᠤᠳᠠᠯᠳᠤᠨ | ᠠᠪᠴᠤ ᠪᠣᠯᠬᠤ ᠦᠭᠡᠶ᠃ ᠬᠥᠯᠳᠡᠭᠡᠭᠰᠡᠨ ᠮᠥᠰᠥ ᠲᠠᠢ ᠢᠳᠡᠭᠡᠨ ᠢ ᠰᠣᠩᠭᠤᠬᠤ ᠳᠠᠭᠠᠨ ᠠᠮᠠᠪᠴᠢ ᠵᠡᠭᠦᠬᠦ ᠬᠡᠷᠡᠭᠲᠡᠢ᠃ | ᠨᠢᠭᠡ ᠯᠡ ᠤᠳᠠᠭ᠎ᠠ ᠬᠡᠷᠡᠭᠯᠡᠬᠦ ᠪᠡᠭᠡᠯᠡᠢ ᠵᠡᠭᠦᠬᠦ ᠪᠤᠶᠤ ᠨᠢᠭᠡ ᠯᠡ ᠤᠳᠠᠭ᠎ᠠ ᠬᠡᠷᠡᠭᠯᠡᠬᠦ ᠰᠦᠯᠢᠶᠣᠣ ᠤᠭᠤᠲᠠ ᠪᠠᠷ | ᠭᠠᠷ ᠢᠶᠠᠨ ᠳᠤᠭᠲᠦ᠋ᠢᠯᠠᠨ ᠰᠢᠯᠢᠨ ᠰᠣᠩᠭᠤᠵᠤ᠂ ᠠᠯᠢ ᠴᠢᠳᠠᠬᠤ ᠪᠠᠷ ᠬᠤᠭᠤᠰᠣᠨ ᠭᠠᠷ ᠢᠶᠠᠷ ᠢᠳᠡᠭᠡᠨ ᠤ | ᠭᠠᠳᠠᠷᠭᠤ ᠲᠠᠢ ᠣᠶᠢᠷᠠᠳᠬᠤ ᠠᠴᠠ ᠵᠠᠶᠢᠯᠠᠰᠬᠢᠨ᠎ᠡ︔ ᠶᠠᠭᠤᠮ᠎ᠠ ᠬᠤᠳᠠᠯᠳᠤᠨ ᠠᠪᠤᠭᠰᠠᠨ ᠤ ᠳᠠᠷᠠᠭ᠎ᠠ ᠴᠠᠭ | ᠲᠤᠬᠠᠢ ᠳᠤᠨᠢ ᠤᠬᠢᠶᠠᠵᠤ ᠴᠡᠪᠡᠷᠯᠡᠬᠦ ᠪᠤᠶᠤ ᠪᠡᠶ᠎ᠡ ᠳᠡᠭᠡᠨ ᠠᠪᠴᠤ ᠶᠠᠪᠤᠭ᠎ᠠ ᠠᠷᠢᠭᠤᠳᠬᠠᠬᠤ ᠴᠠᠭᠠᠰᠤ ᠪᠤᠶᠤ ᠭᠠᠷ | ᠠᠷᠢᠭᠤᠳᠬᠠᠬᠤ ᠡᠮ ᠢᠶᠠᠷ ᠬᠤᠶᠠᠷ ᠭᠠᠷ ᠢᠶᠠᠨ ᠠᠷᠢᠭᠤᠳᠬᠠᠨ᠎ᠠ᠃ ᠬᠤᠶᠠᠷ ᠭᠠᠷ ᠢᠶᠠᠨ ᠥᠪᠡᠷ ᠤᠨ ᠠᠮᠠ᠂ ᠬᠠᠮᠠᠷ᠂ | ᠨᠢᠳᠦ ᠵᠡᠷᠭᠡ ᠬᠡᠰᠡᠭ ᠲᠤ ᠬᠦᠷᠭᠡᠬᠦ ᠦᠭᠡᠢ᠃ | ᠬᠤᠶᠠᠷ᠂ ᠭᠠᠳᠠᠭᠠᠳᠤ ᠠᠴᠠ ᠣᠷᠣᠭᠤᠯᠬᠤ ᠢᠳᠡᠭᠡᠨ ᠢ ᠬᠠᠳᠠᠭᠠᠯᠠᠬᠤ ᠳᠤ ᠰᠡᠷᠭᠡᠶᠢᠯᠡᠨ ᠡᠵᠡᠮᠳᠡᠬᠦ ᠳᠤ | ᠠᠩᠬᠠᠷᠬᠤ ᠵᠦᠢᠯᠡᠰ | ᠭᠡᠷ ᠲᠡᠭᠡᠨ ᠬᠠᠷᠢᠭᠰᠠᠨ ᠤ ᠳᠠᠷᠠᠭ᠎ᠠ᠂ ᠬᠤᠳᠠᠯᠳᠤᠨ ᠠᠪᠤᠭᠰᠠᠨ ᠭᠠᠳᠠᠭᠠᠳᠤ ᠠᠴᠠ ᠣᠷᠣᠭᠤᠯᠤᠭᠰᠠᠨ ᠬᠦᠢᠲᠡᠨ | ᠬᠡᠯᠬᠢᠶᠡᠲᠦ ᠢᠳᠡᠭᠡᠨ ᠳᠤ 75% ᠰᠫᠢᠷᠲ ᠪᠤᠶᠤ 500mg/L ᠤᠨ 84 ᠠᠷᠢᠭᠤᠳᠬᠠᠬᠤ ᠰᠢᠩᠭᠡᠨ ᠬᠡᠷᠡᠭᠯᠡᠵᠦ | ᠳᠣᠲᠣᠭᠠᠳᠤ ᠂ ᠭᠠᠳᠠᠷ ᠪᠠᠭᠯᠠᠭ᠎ᠠ ᠶᠢ ᠵᠦᠯᠭᠦᠵᠦ ᠠᠷᠴᠢᠬᠤ ᠪᠤᠶᠤ ᠰᠦᠷᠴᠢᠨ ᠠᠷᠢᠭᠤᠳᠬᠠᠭᠰᠠᠨ ᠤ ᠳᠠᠷᠠᠭ᠎ᠠ᠂ ᠳᠠᠬᠢᠨ | ᠴᠡᠪᠡᠷ ᠰᠦᠯᠢᠶᠣᠣ ᠤᠭᠤᠲᠠ ᠤᠭᠯᠠᠨᠠ᠃ ᠬᠥᠯᠳᠡᠭᠦᠷ ᠳᠣᠲᠣᠷᠠᠬᠢ ᠪᠤᠰᠤᠳ ᠪᠤᠯᠭᠤᠭᠰᠠᠨ ᠢᠳᠡᠭᠡᠨ ᠠᠴᠠ | ᠰᠠᠯᠭᠠᠵᠤ ᠬᠠᠳᠠᠭᠠᠯᠠᠨ᠎ᠠ᠃ | ᠭᠤᠷᠪᠠ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠡᠳ᠋ᠰᠢᠭᠦᠯᠬᠦ ᠳᠤ ᠰᠡᠷᠭᠡᠶᠢᠯᠡᠨ ᠡᠵᠡᠮᠳᠡᠬᠦ ᠳᠤ | ᠠᠩᠬᠠᠷᠬᠤ ᠵᠦᠢᠯᠡᠰ | ᠭᠠᠳᠠᠭᠠᠳᠤ ᠠᠴᠠ ᠣᠷᠣᠭᠤᠯᠤᠭᠰᠠᠨ ᠢᠳᠡᠭᠡᠨ ᠢ ᠪᠣᠯᠪᠠᠰᠤᠷᠠᠭᠤᠯᠤᠨ ᠰᠢᠢᠳᠪᠦᠷᠢᠯᠡᠬᠦ ᠳᠡᠭᠡᠨ ᠠᠮᠠᠪᠴᠢ ᠪᠠ ᠨᠢᠭᠡ | ᠯᠡ ᠤᠳᠠᠭ᠎ᠠ ᠬᠡᠷᠡᠭᠯᠡᠬᠦ ᠪᠡᠭᠡᠯᠡᠢ ᠪᠠᠷ ᠠᠪᠴᠤ ᠶᠠᠪᠤᠪᠠᠯ ᠬᠠᠮᠤᠭ ᠰᠠᠶᠢᠨ ᠶᠤᠮ᠃ ᠫᠧᠩᠰᠡ ᠪᠠᠷ ᠤᠰᠤ ᠰᠠᠪᠠᠯᠠᠵᠤ | ᠤᠬᠢᠶᠠᠨ᠎ᠠ᠂ ᠤᠰᠤᠨ ᠴᠣᠷᠭᠤ ᠶᠢᠨ ᠳᠣᠣᠷ᠎ᠠ ᠰᠢᠭᠤᠳ ᠤᠬᠢᠶᠠᠵᠤ ᠪᠣᠯᠬᠤ ᠦᠭᠡᠢ᠃ ᠤᠰᠤ ᠦᠰᠦᠷᠬᠦ ᠠᠴᠠ | ᠰᠡᠷᠬᠡᠶᠢᠯᠡᠵᠦ᠂ ᠢᠳᠡᠭᠡᠨ ᠢ ᠰᠢᠢᠳᠪᠦᠷᠢᠯᠡᠬᠦ ᠶᠠᠪᠤᠴᠠ ᠳᠤ ᠭᠠᠷ ᠢᠶᠠᠷ ᠢᠶᠠᠨ ᠠᠮᠠ ᠬᠠᠮᠠᠷ ᠢᠶᠠᠨ ᠰᠢᠭᠤᠳ | ᠲᠡᠮᠲᠡᠷᠢᠬᠦ ᠠᠴᠠ ᠵᠠᠶᠢᠯᠠᠰᠬᠢᠨ᠎ᠠ︔ ᠲᠦᠭᠦᠬᠡᠢ ᠪᠠᠷ ᠪᠣᠯᠪᠠᠰᠤᠷᠠᠬᠤ ᠶᠢ ᠰᠠᠯᠭᠠᠬᠤ ᠶᠢ ᠠᠩᠬᠠᠷᠴᠤ᠂ ᠰᠢᠢᠳᠪᠦᠷᠢᠯᠡᠵᠦ | ᠪᠠᠷᠠᠭᠰᠠᠨ ᠤ ᠳᠠᠷᠠᠭ᠎ᠠ᠂ ᠬᠤᠶᠠᠷ ᠭᠠᠷ ᠢᠶᠠᠨ ᠲᠦᠢᠯᠪᠤᠷᠢᠲᠠᠢ ᠴᠡᠪᠡᠷᠯᠡᠬᠦ ᠶᠢᠨ ᠬᠠᠮᠲᠤ 75% ᠶᠢᠨ ᠰᠫᠢᠷᠲ ᠪᠤᠶᠤ | 500mg/L ᠤᠨ 84 ᠠᠷᠢᠭᠤᠳᠬᠠᠬᠤ ᠰᠢᠩᠭᠡᠨ ᠢ ᠬᠡᠷᠡᠭᠯᠡᠨ ᠬᠡᠷᠡᠭᠯᠡᠵᠦ ᠪᠠᠶᠢᠭ᠎ᠠ ᠰᠠᠪᠠ᠂ ᠬᠢᠳᠤᠭ᠎ᠠ ᠪᠠᠭᠠᠵᠢ᠂ | ᠳᠥᠰᠢ ᠬᠠᠪᠲᠠᠰᠤ ᠵᠡᠷᠭᠡ ᠪᠠᠭᠠᠵᠢ ᠬᠡᠷᠡᠭᠰᠡᠯ ᠢ ᠠᠷᠢᠭᠤᠳᠬᠠᠨ᠎ᠠ᠃ | ᠳᠥᠷᠪᠡ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠢ ᠴᠢᠨᠠᠬᠤ ᠳᠤ ᠰᠡᠷᠭᠡᠶᠢᠯᠡᠨ ᠡᠵᠡᠮᠳᠡᠬᠦ ᠳᠤ | ᠠᠩᠬᠠᠷᠬᠤ ᠵᠦᠢᠯ | ᠢᠳᠡᠭᠡᠨ ᠢ ᠵᠢᠩᠨᠡᠵᠦ ᠴᠢᠨᠠᠬᠤ ᠬᠡᠷᠡᠭᠲᠡᠢ᠂ ᠠᠯᠢ ᠴᠢᠳᠠᠬᠤ ᠪᠠᠷ ᠲᠦᠭᠦᠬᠡᠢ ᠪᠠᠷ ᠢᠳᠡᠬᠦ᠂ ᠬᠠᠭᠠᠰ | ᠲᠦᠭᠦᠬᠡᠢ ᠪᠠᠷ ᠢᠳᠡᠬᠦ᠂ ᠠᠷᠢᠬᠢᠨ ᠴᠥᠪᠥᠷᠢᠭᠦᠦ᠂ ᠼᠤᠤ ᠶᠢᠨ ᠴᠥᠪᠥᠷᠢᠭᠦᠦ ᠪᠤᠶᠤ ᠳᠠᠪᠤᠰᠤ ᠶᠢ ᠳᠠᠪᠤᠰᠤᠯᠠᠭᠰᠠᠨ ᠤ | ᠳᠠᠷᠠᠭ᠎ᠠ ᠰᠢᠭᠤᠳ ᠢᠳᠡᠬᠦ ᠠᠴᠠ ᠵᠠᠶᠢᠯᠠᠰᠬᠢᠨ᠎ᠡ᠃ | ᠲᠠᠪᠤ᠂ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠡᠳ᠋ ᠢ ᠰᠡᠷᠭᠡᠶᠢᠯᠡᠨ ᠬᠢᠵᠠᠭᠠᠷᠯᠠᠬᠤ ᠳᠤ ᠠᠩᠬᠠᠷᠬᠤ | ᠵᠦᠢᠯᠡᠰ | ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠪᠣᠭᠤᠳᠠᠯ᠂ ᠣᠨᠴᠠᠭᠠᠶᠢᠯᠠᠨ ᠬᠢᠯᠢ ᠶᠢᠨ ᠭᠠᠳᠠᠨ᠎ᠠ ᠠᠴᠠ | ᠢᠷᠡᠭᠰᠡᠨ ᠪᠣᠭᠤᠳᠠᠯ ᠪᠠᠭᠯᠠᠭ᠎ᠠ ᠶᠢ ᠬᠤᠷᠢᠶᠠᠬᠤ ᠳᠠᠭᠠᠨ᠂ 75% ᠶᠢᠨ ᠰᠫᠢᠷᠲ ᠪᠤᠶᠤ 500mg/L ᠤᠨ 84 | ᠠᠷᠢᠭᠤᠳᠬᠠᠬᠤ ᠰᠢᠩᠭᠡᠨ ᠢᠶᠠᠷ ᠪᠣᠭᠤᠳᠠᠯ ᠤᠨ ᠭᠠᠳᠠᠷ ᠪᠣᠭᠤᠳᠠᠯ᠂ ᠳᠣᠲᠣᠷ᠎ᠠ ᠪᠣᠭᠤᠳᠠᠯ ᠵᠢᠴᠢ ᠠᠷᠢᠭᠤᠳᠬᠠᠵᠤ | ᠪᠣᠯᠬᠤ ᠭᠠᠳᠠᠭᠠᠳᠤ ᠠᠴᠠ ᠣᠷᠣᠭᠤᠯᠤᠭᠰᠠᠨ ᠪᠣᠳᠠᠰ ᠢ ᠠᠷᠴᠢᠬᠤ ᠪᠤᠶᠤ ᠰᠦᠷᠴᠢᠨ ᠠᠷᠢᠭᠤᠳᠬᠠᠬᠤ ᠶᠢ ᠰᠠᠨᠠᠭᠤᠯᠤᠨ᠎ᠠ | ︔ ᠪᠣᠭᠤᠳᠠᠯ ᠪᠠᠭᠯᠠᠭ᠎ᠠ ᠶᠢ ᠵᠠᠳᠠᠯᠬᠤ ᠳᠠᠭᠠᠨ ᠠᠮᠠᠪᠴᠢ ᠵᠡᠭᠦᠬᠦ ᠬᠡᠷᠡᠭᠲᠡᠢ᠃ ᠪᠣᠭᠤᠳᠠᠯ ᠪᠠᠭᠯᠠᠭ᠎ᠠ ᠶᠢ ᠵᠠᠳᠠᠯᠤᠭᠰᠠᠨ ᠤ | ᠳᠠᠷᠠᠭ᠎ᠠ ᠭᠠᠷ ᠤᠬᠢᠶᠠᠬᠤ ᠪᠤᠶᠤ ᠭᠠᠷ ᠤᠨ ᠬᠡᠰᠡᠭ ᠢ ᠠᠷᠢᠭᠤᠳᠬᠠᠵᠤ᠂ ᠭᠠᠷ ᠢᠶᠠᠨ ᠤᠬᠢᠶᠠᠬᠤ ᠠᠴᠠ ᠡᠮᠦᠨ᠎ᠡ ᠠᠮᠠ᠂ | ᠬᠠᠮᠠᠷ᠂ ᠨᠢᠳᠦ ᠵᠡᠷᠭᠡ ᠬᠡᠰᠡᠭ ᠲᠤ ᠬᠦᠷᠴᠦ ᠪᠣᠯᠬᠤ ᠥᠬᠡᠶ᠃ ᠪᠣᠭᠤᠳᠠᠯ ᠢ ᠭᠡᠷ ᠲᠡᠭᠡᠨ ᠠᠪᠴᠤ ᠬᠠᠷᠢᠬᠤ ᠦᠭᠡᠢ | ᠪᠣᠯ ᠬᠠᠮᠤᠭ ᠰᠠᠶᠢᠨ ᠶᠤᠮ ᠃ | ᠵᠢᠷᠭᠤᠭ᠎ᠠ᠂ ᠬᠤᠪᠢ ᠬᠥᠮᠦᠨ ᠤ ᠬᠠᠮᠠᠭᠠᠯᠠᠯᠲᠠ ᠶᠢᠨ ᠠᠩᠬᠠᠷᠬᠤ ᠵᠦᠢᠯ | ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ | ᠴᠤᠭᠯᠠᠷᠠᠬᠤ ᠵᠡᠷᠭᠡ ᠪᠠᠶᠢᠡᠭᠭᠤᠵᠢᠭᠰᠠᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ | ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠰᠠᠯᠬᠢ ᠨᠡᠪᠲᠡᠷᠡᠬᠦ ᠨᠢ ᠰᠢᠯᠤᠭᠤᠨ ᠪᠤᠰᠤ᠂ ᠬᠥᠮᠦᠨ ᠠᠮᠠ ᠨᠢᠭᠲᠠ | ᠵᠠᠯᠭᠠᠭᠰᠠᠨ ᠴᠠᠬᠢᠯᠭᠠᠨ ᠱᠠᠲᠤ᠂ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠡᠮᠨᠡᠯᠭᠡ ᠶᠢᠨ ᠬᠤᠷᠢᠶ᠎ᠠ᠂ | ᠨᠡᠶᠢᠲᠡ ᠶᠢᠨ ᠮᠠᠰᠢᠨ ᠲᠡᠷᠭᠡ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠲᠠᠯᠠᠪᠤᠷ ᠲᠤ ᠵᠠᠪᠠᠯ ᠠᠮᠠᠪᠴᠢ | ᠵᠡᠭᠦᠬᠦ ᠶᠢ ᠪᠠᠷᠢᠮᠲᠠᠯᠠᠬᠤ ᠬᠡᠷᠡᠭᠲᠡᠶ᠃ | ᠳᠣᠯᠤᠭ᠎ᠠ᠂ ᠰᠡᠷᠭᠡᠶᠢᠯᠡᠬᠦ ᠴᠢᠨᠠᠷᠲᠠᠢ ᠠᠷᠢᠭᠤᠳᠬᠠᠬᠤ ᠦᠶ᠎ᠡ ᠳᠤ ᠠᠩᠬᠠᠷᠬᠤ ᠵᠦᠢᠯ | ᠰᠫᠢᠷᠲ ᠢᠶᠠᠷ ᠠᠷᠢᠭᠤᠳᠬᠠᠬᠤ ᠳᠠᠭᠠᠨ ᠭᠠᠯ ᠤᠨ ᠰᠤᠷᠪᠤᠯᠵᠢ ᠠᠴᠠ ᠵᠠᠶᠢᠯᠠᠬᠤ ᠶᠢ ᠠᠩᠬᠠᠷᠴᠤ᠂ ᠰᠫᠢᠷᠲ ᠢᠶᠠᠷ | ᠮᠠᠨᠠᠨ ᠰᠦᠷᠴᠢᠨ ᠠᠷᠢᠭᠤᠳᠬᠠᠬᠤ ᠠᠴᠠ ᠵᠠᠶᠢᠯᠠᠰᠬᠢᠬᠦ ᠬᠡᠷᠡᠭᠲᠡᠢ᠃ 84 ᠠᠷᠢᠭᠤᠳᠬᠠᠬᠤ ᠰᠢᠩᠭᠡᠨ ᠢᠶᠠᠷ | ᠠᠷᠢᠭᠤᠳᠬᠠᠬᠤ ᠳᠤ ᠥᠳᠬᠡᠴᠡ ᠶᠢ ᠥᠨᠳᠥᠷ ᠪᠠᠶᠢᠯᠭᠠᠵᠤ ᠪᠣᠯᠬᠤ ᠦᠭᠡᠢ᠃ 500mg/L ᠪᠣᠯ ᠲᠣᠬᠢᠷᠠᠮᠵᠢᠲᠠᠶ ︵ | 500mg/L ᠤᠨ 84 ᠠᠷᠢᠭᠤᠳᠬᠠᠬᠤ ᠰᠢᠩᠭᠡᠨ ᠨᠠᠢᠷᠠᠭᠤᠯᠬᠤ ᠠᠷᠭ᠎ᠠ᠄ 550ml ᠡᠷᠦᠳᠡᠰᠦᠨ ᠪᠤᠯᠠᠭ ᠤᠨ | ᠤᠰᠤᠨ ᠯᠣᠩᠬᠤ ᠪᠠᠷ ᠬᠡᠮᠵᠢᠭᠦᠷ ᠪᠣᠯᠭᠠᠵᠤ᠂ 1 ᠯᠣᠩᠬᠤᠨ ᠤ ᠠᠮᠠᠰᠠᠷ 84 ᠠᠷᠢᠭᠤᠳᠬᠠᠬᠤ ᠰᠢᠩᠭᠡᠨ ᠳᠡᠭᠡᠷ᠎ᠡ 1 | ᠯᠣᠩᠬᠤ ᠤᠰᠤ ᠨᠡᠮᠡᠨ᠎ᠡ︶᠃ 30 ᠮᠢᠨᠦ᠋ᠲ ᠠᠷᠢᠭᠤᠳᠬᠠᠭᠰᠠᠨ ᠤ ᠳᠠᠷᠠᠭ᠎ᠠ ᠴᠡᠪᠡᠷ ᠤᠰᠤ ᠪᠠᠷ ᠵᠦᠯᠭᠦᠵᠦ᠂ 84 | ᠠᠷᠢᠭᠤᠳᠬᠠᠬᠤ ᠰᠢᠩᠭᠡᠨ ᠲᠡᠮᠦᠷᠯᠢᠭ ᠵᠡᠷᠭᠡ ᠪᠣᠳᠠᠰ ᠢ ᠢᠳᠡᠭᠳᠡᠭᠦᠯᠬᠦ ᠠᠴᠠ ᠵᠠᠶᠢᠯᠠᠰᠬᠢᠨ᠎ᠡ᠃ | ᠨᠠᠢᠮᠠ᠂ ᠬᠤᠪᠢ ᠬᠥᠮᠦᠨ ᠤ ᠡᠷᠡᠭᠦᠯ ᠮᠡᠨᠳᠦ ᠶᠢ ᠬᠢᠨᠠᠨ ᠰᠢᠯᠭᠠᠬᠤ ᠳᠤ ᠠᠩᠬᠠᠷᠬᠤ ᠵᠦᠢᠯ | ᠥᠪᠡᠷ ᠤᠨ ᠪᠠ ᠭᠡᠷ ᠤᠨ ᠬᠥᠮᠦᠰ ᠤᠨ ᠡᠷᠡᠭᠦᠯ ᠮᠡᠨᠳᠦ ᠶᠢᠨ ᠪᠠᠶᠢᠳᠠᠯ ᠢᠶᠠᠨ ᠠᠩᠬᠠᠷᠴᠤ᠂ ᠬᠠᠯᠠᠭᠤᠷᠠᠬᠤ᠂ | ᠬᠠᠭᠤᠷᠠᠢ ᠪᠠᠷ ᠬᠠᠨᠢᠶᠠᠯᠭᠠᠬᠤ᠂ ᠲᠠᠮᠢᠷᠳᠠᠬᠤ᠂ ᠰᠠᠭᠤᠯᠭᠠᠬᠤ ᠵᠡᠷᠭᠡ ᠰᠢᠨᠵᠢ ᠢᠯᠡᠷᠡᠪᠡᠯ ᠳᠠᠷᠤᠢ ᠳᠤ ᠨᠢ ᠠᠮᠠᠪᠴᠢ | ᠵᠡᠭᠦᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠠᠴᠠ ᠵᠠᠶᠢᠯᠠᠰᠬᠢᠵᠦ᠂ ᠦᠷ᠎ᠡ ᠬᠠᠪᠢ ᠳᠠᠭᠠᠨ | ᠬᠠᠯᠠᠭᠤᠷᠠᠬᠤ ᠡᠭᠦᠳᠡᠨ ᠡᠮᠨᠡᠯᠭᠡ ᠲᠤ ᠬᠦᠷᠴᠦ ᠡᠮᠨᠡᠭᠦᠯᠬᠦ ᠬᠡᠷᠡᠭᠲᠡᠢ᠂ ᠡᠪᠡᠳᠴᠢᠨ ᠦᠵᠡᠭᠦᠯᠬᠦ ᠳᠡᠭᠡᠨ ᠦᠷ᠎ᠡ ᠶᠢᠨ | ᠬᠤᠭᠤᠴᠠᠭᠠᠨ ᠤ ᠵᠢᠭᠤᠯᠴᠢᠯᠠᠨ ᠰᠠᠭᠤᠭᠰᠠᠨ ᠲᠡᠤᠬᠡ ᠵᠢᠴᠢ ᠭᠠᠳᠠᠭᠠᠳᠤ ᠠᠴᠠ ᠣᠷᠣᠭᠤᠯᠤᠭᠰᠠᠨ ᠢᠳᠡᠭᠡᠨ ᠪᠤᠶᠤ | ᠭᠠᠳᠠᠭᠠᠳᠤ ᠠᠴᠠ ᠣᠷᠣᠭᠤᠯᠤᠭᠰᠠᠨ ᠡᠳ᠋ ᠪᠣᠳᠠᠰ ᠲᠠᠢ ᠬᠦᠷᠦᠯᠴᠡᠬᠦ ᠬᠠᠮᠢᠶ᠎ᠠ ᠪᠦᠬᠦᠢ ᠪᠠᠶᠢᠳᠠᠯ ᠢ | ᠰᠠᠨᠠᠭᠠᠴᠢᠯᠠᠭ᠎ᠠ ᠠᠴᠠ ᠪᠠᠨ ᠮᠡᠳᠡᠭᠳᠡᠨ᠎ᠡ᠃ |