ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ︽ᠳᠤᠮᠳᠠᠳᠤ ᠶᠢᠨ ᠪᠥᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ᠎ᠠ ᠶᠢᠨ ᠲᠦᠷᠢᠮ︾ ᠢ ᠲᠥᠪᠯᠡᠷᠡᠭᠦᠯᠦᠨ ᠰᠤᠷᠤᠯᠴᠠᠪᠠ
ᠨᠡᠶᠢᠲᠡᠯᠡᠭᠰᠡᠨ ᠴᠠᠭ᠄
2020/12/2
    ᠳᠤᠮᠳᠠᠳᠤ ᠶᠢᠨ ᠪᠦᠬᠦ ᠤᠯᠤᠰ ᠠᠴᠠ ᠬᠠᠩᠭᠠᠨ ᠪᠣᠷᠣᠯᠠᠭᠤᠯᠬᠤ ᠬᠤᠷᠰᠢᠶᠠᠨ ᠤ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠬᠠᠩᠭᠠᠨ ᠪᠣᠷᠣᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠶᠢᠨ ᠲᠥᠯᠥᠭᠡ᠂ ᠣᠶᠢᠷ᠎ᠠ ᠳᠤ ᠬᠠᠩᠭᠠᠨ ᠪᠣᠷᠣᠯᠠᠭᠤᠯᠬᠤ ᠬᠤᠯᠪᠣᠭᠠᠲᠤ ᠬᠤᠷᠰᠢᠶ᠎ᠠ ᠺᠠᠳ᠋ᠷ ᠠᠵᠢᠯᠳᠠᠨ ᠠᠵᠢᠯᠴᠢᠨ ᠢ ᠵᠣᠬᠢᠶᠠᠨ ᠪᠠᠶᠢᠭᠤᠯᠤᠨ ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠳᠣᠯᠣᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ︽ᠳᠤᠮᠳᠠᠳᠤ ᠶᠢᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶᠠᠨ ᠤ ᠲᠦᠷᠢᠮ︾ ᠵᠢᠴᠢ ᠬᠤᠯᠪᠣᠭᠳᠠᠯ ᠪᠦᠬᠦᠢ ᠮᠠᠲ᠋ᠧᠷᠢᠶᠠᠯ ᠢ ᠲᠥᠪᠯᠡᠷᠡᠭᠦᠯᠦᠨ ᠰᠤᠷᠤᠯᠴᠠᠪᠠ᠃     ᠯᠢᠶᠠᠩ ᠰᠢᠤᠢ ᠡᠷᠬᠢᠯᠡᠭᠴᠢ ︽ᠳᠤᠮᠳᠠᠳᠤ ᠤᠯᠤᠰ ᠤᠨ ᠪᠦᠬᠦ ᠤᠯᠤᠰ ᠤᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶ ᠎ᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠶ ᠰᠢᠢᠳᠪᠦᠷᠢ᠂ ︽ᠪᠦᠬᠦ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶᠠᠨ ᠤ ᠳᠦᠷᠢᠮ︾ ᠪᠠ ︽ᠪᠦᠬᠦ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶᠠᠨ ᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠤᠨ ᠲᠤᠬᠠᠶ ᠲᠣᠳᠣᠷᠬᠠᠶᠢᠯᠠᠯᠲᠠ ᠶᠢ ᠤᠯᠠᠮᠵᠢᠯᠠᠨ ᠰᠤᠷᠤᠯᠴᠠᠪᠠ᠃    ᠯᠢᠶᠠᠩ ᠰᠢᠤᠢ ᠡᠷᠬᠢᠯᠡᠭᠴᠢ ᠴᠢᠬᠤᠯᠠᠴᠢᠯᠠᠭᠰᠠᠨ ᠨᠢ᠂ ᠪᠦᠬᠦ ᠺᠠᠳ᠋ᠷ ᠠᠵᠢᠯᠲᠠᠨ ᠠᠵᠢᠯᠴᠢᠨ ︽ᠪᠦᠬᠦ ᠳᠤᠮᠳᠠᠳᠤ ᠶᠢᠨ ᠬᠠᠩᠭᠠᠨ ᠪᠣᠷᠣᠯᠠᠭᠤᠯᠬᠤ ᠶᠡᠷᠦᠩᠬᠡᠶ ᠬᠤᠷᠰᠢᠶᠠᠨ ᠤ ᠳᠦᠷᠢᠮ︾ ᠢ ᠨᠠᠷᠢᠨ ᠬᠢᠨᠠᠮᠠᠭᠠᠶ ᠰᠤᠷᠤᠯᠴᠠᠵᠤ᠂ ᠬᠠᠩᠭᠠᠨ ᠪᠣᠷᠣᠯᠠᠭᠤᠯᠬᠤ ᠬᠤᠷᠰᠢᠶᠠᠨ ᠤ ᠪᠠᠶᠢᠷᠢ ᠲᠣᠭᠲᠠᠭᠠᠯᠲᠠ ᠪᠠ ᠦᠨᠳᠦᠰᠦᠨ ᠦᠢᠯᠡᠴᠢᠯᠡᠭᠡᠨ ᠤ ᠵᠣᠷᠢᠯᠲᠠ ᠶᠢ ᠪᠠᠲᠤ ᠴᠡᠭᠡᠵᠢᠯᠡᠵᠦ᠂ ᠡᠭᠦᠷᠭᠡ ᠴᠢᠳᠠᠪᠤᠷᠢ ᠪᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠨᠠᠩ ᠰᠠᠶᠢᠨ ᠦᠢᠯᠡᠳᠦᠯ ᠦᠵᠡᠭᠦᠯᠦᠨ᠎ᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号