ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠵᠢᠭ ᠤᠨ ᠰᠡᠷᠭᠡᠶᠢᠯᠡᠯᠲᠡ ᠶᠢᠨ ᠬᠠᠮᠢᠶ᠎ᠠ ᠪᠦᠬᠦᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠨ᠎ᠠ
ᠨᠡᠶᠢᠲᠡᠯᠡᠭᠰᠡᠨ ᠴᠠᠭ᠄
2020/12/2
    ︽ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠮᠤᠷ ᠡᠪᠦᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠵᠠᠯᠠᠨ ᠠᠶᠢᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠬᠠᠮᠢᠶ᠎ᠠ ᠪᠦᠬᠦᠢ ᠬᠡᠷᠡᠭᠰᠡᠯ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠥᠰᠦᠯ︾ ᠢ ᠨᠠᠷᠢᠨ ᠲᠣᠭᠲᠠᠭᠠᠵᠤ᠂ ᠡᠭᠦᠨ ᠤ ᠬᠠᠮᠲᠤ ᠵᠣᠬᠢᠶᠠᠨ ᠪᠠᠶᠢᠭᠤᠯᠵᠤ ᠬᠡᠷᠡᠭᠵᠢᠬᠦᠯᠪᠡ᠃     ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠬᠠᠮᠢᠶ᠎ᠠ ᠪᠦᠬᠦᠢ ᠬᠡᠷᠡᠭᠰᠡᠯ ᠳᠤ ᠭᠤᠤᠯᠳᠠᠭᠤ ᠡᠮᠨᠡᠯᠭᠡ ᠳᠤ ᠬᠡᠷᠡᠭᠯᠡᠬᠦ ᠬᠦᠷᠢᠶ᠎ᠡ ᠬᠡᠪᠴᠢᠶ᠎ᠡ ᠪᠣᠯᠤᠨ ᠡᠩ ᠤᠨ ᠰᠡᠷᠭᠡᠶᠢᠯᠡᠨ ᠬᠠᠮᠠᠭᠠᠯᠠᠬᠤ ᠬᠡᠷᠡᠭᠰᠡᠯ ᠪᠠᠭᠲᠠᠨ᠎ᠠ᠃ ᠪᠦᠬᠦ ᠬᠤᠳᠠ ᠶᠢᠨ ᠬᠠᠷᠢᠶ᠎ᠠ ᠲᠣᠭᠤᠷᠢᠭ ᠤᠨ ᠭᠤᠤᠯᠳᠠᠯᠭ᠎ᠠ ᠲᠠᠢ ᠬᠢᠨᠠᠨ ᠬᠠᠮᠢᠶᠠᠷᠴᠤ ᠪᠠᠶᠢᠭ᠎ᠠ ᠬᠠᠮᠠᠭᠠᠯᠠᠯᠲᠠ ᠶᠢᠨ ᠬᠡᠷᠡᠭᠰᠡᠯ ᠪᠣᠯ ᠨᠢᠭᠡ ᠯᠡ ᠤᠳᠠᠭ᠎ᠠ ᠶᠢᠨ ᠴᠢᠨᠠᠷᠲᠠᠶ ᠬᠠᠮᠠᠭᠠᠯᠠᠯᠲᠠ ᠶᠢᠨ ᠠᠮᠠᠪᠴᠢ ᠪᠣᠯᠤᠨ᠎ᠠ᠃ 11 ᠰᠠᠷ᠎ᠠ ᠶᠢᠨ 26 ᠤ ᠡᠳᠦᠷ ᠪᠣᠯᠲᠠᠯ᠎ᠠ᠂ ᠬᠢᠵᠢᠭ ᠤᠨ ᠬᠠᠮᠠᠭᠠᠯᠠᠯᠲᠠ ᠶᠢᠨ ᠬᠡᠷᠡᠭᠰᠡᠯ ᠡᠵᠡᠩᠨᠡᠵᠦ ᠪᠠᠶᠢᠭ᠎ᠠ 3 ᠡᠷᠦᠬᠡ ᠶᠢ ᠪᠠᠶᠢᠴᠠᠭᠠᠵᠠᠶ᠃     ᠳᠠᠷᠠᠭ᠎ᠠ ᠠᠯᠬᠤᠮ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠩ ᠪᠠᠯᠭᠠᠰᠤ ᠳᠤ ᠦᠷᠭᠦᠯᠵᠢᠯᠡᠨ ᠭᠦᠨᠵᠡᠭᠡᠶᠢᠷᠡᠵᠦ ᠬᠦᠢᠯᠬᠡᠬᠡᠨ ᠤ ᠬᠦᠷᠢᠶᠡᠨ ᠤ ᠬᠢᠵᠢᠭ ᠤᠨ ᠰᠡᠷᠭᠡᠶᠢᠯᠡᠯᠲᠡ ᠶᠢᠨ ᠬᠠᠮᠢᠶ᠎ᠠ ᠪᠦᠬᠦᠢ ᠬᠡᠷᠡᠭᠰᠡᠯ ᠤᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠬᠢᠵᠢᠭ ᠤᠨ ᠰᠡᠷᠭᠡᠶᠢᠯᠡᠯᠲᠡ ᠶᠢᠨ ᠬᠠᠮᠢᠶ᠎ᠠ ᠪᠦᠬᠦᠢ ᠬᠡᠷᠡᠭᠰᠡᠯ ᠢ ᠪᠠᠷᠠᠭ᠎ᠠ ᠣᠷᠣᠭᠤᠯᠵᠤ ᠪᠣᠷᠣᠯᠠᠭᠤᠯᠬᠤ ᠠᠷᠭ᠎ᠠ ᠵᠠᠮ ᠪᠣᠯᠤᠨ ᠶᠠᠰᠤ ᠴᠢᠨᠠᠷ ᠢ ᠪᠦᠬᠦ ᠲᠠᠯ᠎ᠠ ᠪᠠᠷ ᠡᠵᠡᠮᠰᠢᠬᠦ ᠬᠡᠷᠡᠭᠲᠡᠶ᠃ ︵ᠨᠠᠶᠢᠷᠠᠭᠤᠯᠤᠭᠴᠢ᠄ ᠹᠧᠩ ᠶᠢᠩ ᠨᠠᠨᠳᠢᠨ︶
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号