ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢ ᠬᠦᠨᠳᠦᠳᠬᠡᠵᠦ᠂ | ᠦᠨᠳᠦᠰᠦᠨ ᠬᠠᠤᠯᠢ ᠶᠢ ᠰᠤᠷᠤᠯᠴᠠᠵᠤ᠂ ᠦᠨᠳᠦᠰᠦᠨ ᠬᠠᠤᠯᠢ ᠶᠢ ᠵᠢᠷᠤᠮᠯᠠᠵᠤ᠂ ᠦᠨᠳᠦᠰᠦᠨ ᠬᠠᠤᠯᠢ ᠶᠢ | ᠬᠠᠮᠠᠭᠠᠯᠠᠵᠤ᠂ ᠦᠨᠳᠦᠰᠦᠨ ᠬᠠᠤᠯᠢ ᠶᠢᠨ ᠡᠷᠬᠡ ᠰᠦᠷ ᠢ ᠪᠤᠢ ᠪᠣᠯᠭᠠᠬᠤ ᠶᠢᠨ ᠲᠥᠯᠥᠭᠡ 12 ᠰᠠᠷ᠎ᠠ ᠶᠢᠨ 1 ᠤ | ᠡᠳᠦᠷ᠂ ᠳᠣᠯᠣᠳᠤᠭᠠᠷ ᠤᠯᠤᠰ ᠤᠨ ᠦᠨᠳᠦᠰᠦᠨ ᠬᠠᠤᠯᠢ ᠡᠳᠦᠷ ᠬᠦᠷᠴᠦ ᠢᠷᠡᠬᠦ ᠲᠠᠰᠢᠷᠠᠮ ᠳᠤ᠂ ᠲᠢᠶᠧ ᠳ᠋ᠦᠩ | ᠵᠡᠭᠡᠯᠢ ᠭᠤᠳᠤᠮᠵᠢ ᠶᠢᠨ ᠡᠤ ᠯᠢ ᠨᠡᠶᠢᠭᠡᠮ ᠲᠣᠭᠤᠷᠢᠭ ᠤᠨ ᠬᠢᠨ ᠲᠢᠶᠧ ᠳ᠋ᠦᠩ ᠬᠠᠤᠯᠢ ᠴᠠᠭᠠᠵᠠ ᠶᠢᠨ | ᠲᠣᠪᠴᠢᠶ᠎ᠠ ᠲᠠᠢ ᠬᠤᠯᠪᠣᠭᠠᠯᠠᠨ ︽ᠦᠨᠳᠦᠰᠦᠨ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠲᠢᠶᠧ ᠳ᠋ᠦᠩ ᠬᠠᠤᠯᠢ ᠴᠠᠭᠠᠵᠠ ᠶᠢᠨ ᠭᠠᠵᠠᠷ ᠤᠨ ᠳᠠᠷᠤᠭ᠎ᠠ ᠼᠦᠢ ᠰᠢᠶᠣᠤ ᠵᠢᠶᠦ᠋ᠨ᠂ ᠴᠧᠨ ᠶᠢᠩ ᠴᠠᠭᠳᠠᠭ᠎ᠠ | ᠵᠢᠴᠢ ᠡᠤ ᠯᠢ ᠨᠡᠶᠢᠭᠡᠮ ᠲᠣᠭᠤᠷᠢᠭ ᠤᠨ 40 ᠭᠠᠷᠤᠶ ᠣᠯᠠᠨ ᠲᠦᠮᠡᠨ ᠣᠷᠣᠯᠴᠠᠵᠠᠶ᠃ | ᠠᠵᠢᠯᠯᠠᠭᠠᠨ ᠤ ᠳᠤᠮᠳᠠ ᠼᠦᠢ ᠲᠤᠪᠴᠢᠶᠠᠨ ᠤ ᠳᠠᠷᠤᠭ᠎ᠠ ︽ᠦᠨᠳᠦᠰᠦᠨ ᠬᠠᠤᠯᠢ︾ ᠶᠢᠨ ᠲᠤᠬᠠᠶ | ᠤᠬᠠᠭᠤᠯᠤᠨ ᠲᠠᠶᠢᠯᠪᠤᠷᠢᠯᠠᠵᠤ᠂ ᠲᠠᠶᠢᠯᠪᠤᠷᠢ ᠪᠠᠷ ᠳᠠᠮᠵᠢᠭᠤᠯᠤᠨ ᠣᠯᠠᠨ ᠤ ᠦᠨᠳᠦᠰᠦᠨ ᠬᠠᠤᠯᠢ ᠪᠣᠯ ᠤᠯᠤᠰ | ᠣᠷᠣᠨ ᠤ ᠦᠨᠳᠦᠰᠦᠨ ᠶᠡᠭᠡ ᠬᠠᠤᠯᠢ ᠮᠥᠨ᠃ ᠤᠯᠤᠰ ᠢ ᠵᠠᠰᠠᠵᠤ ᠲᠥᠷᠥ ᠶᠢ ᠲᠦᠪᠰᠢᠳᠬᠡᠬᠦ ᠶᠡᠷᠦᠩᠬᠡᠶ ᠳᠦᠷᠢᠮ | ᠤᠯᠤᠰ ᠤᠨ ᠪᠦᠬᠦ ᠠᠷᠠᠳ ᠢᠷᠭᠡᠳ ᠲᠤ ᠲᠤᠬᠢᠷᠠᠬᠤ ᠪᠣᠯ ᠣᠨᠴᠠ ᠲᠣᠭᠲᠠᠭᠰᠠᠨ ᠨᠡᠶᠢᠭᠡᠮ ᠤᠨ ᠤᠯᠤᠰ ᠲᠦᠷᠦ | ᠠᠵᠤ ᠠᠬᠤᠶ ᠪᠠ ᠦᠵᠡᠯ ᠰᠠᠨᠠᠭ᠎ᠠ ᠰᠣᠶᠣᠯ ᠤᠨ ᠨᠥᠬᠦᠴᠡᠯ ᠤᠨ ᠶᠡᠷᠦᠩᠬᠡᠶᠢᠯᠡᠭᠰᠡᠨ ᠦᠢᠯᠡᠳᠦᠯ ᠤᠨ ᠪᠦᠲᠦᠭᠡᠭᠳᠡᠬᠦᠨ | ᠮᠥᠨ᠃ ᠡᠯ᠎ᠡ ᠵᠦᠢᠯ ᠤᠨ ᠤᠯᠤᠰ ᠲᠥᠷᠥ ᠶᠢᠨ ᠬᠦᠴᠦᠨ ᠤ ᠪᠣᠳᠠᠲᠤ ᠠᠳᠠᠯᠢᠳᠬᠠᠯ ᠤᠨ ᠬᠠᠷᠢᠴᠠᠭ᠎ᠠ ᠶᠢ | ᠲᠥᠪᠯᠡᠷᠡᠭᠦᠯᠦᠨ ᠲᠤᠰᠬᠠᠵᠤ᠂ ᠬᠤᠪᠢᠰᠬᠠᠯ ᠤᠨ ᠢᠯᠠᠯᠲᠠ ᠶᠢᠨ ᠦᠷ᠎ᠡ ᠪᠦᠲᠦᠭᠡᠯ ᠪᠠ ᠪᠣᠳᠠᠲᠠᠶ ᠠᠷᠠᠳᠴᠢᠯᠠᠭᠰᠠᠨ | ᠤᠯᠤᠰ ᠲᠥᠷᠥ ᠶᠢ ᠨᠤᠲᠠᠯᠠᠨ ᠲᠣᠭᠲᠠᠭᠠᠵᠤ᠂ ᠤᠯᠤᠰ ᠠᠴᠠ ᠦᠨᠳᠦᠰᠦᠨ ᠡᠭᠦᠷᠭᠡ ᠪᠠ ᠦᠨᠳᠦᠰᠦᠨ ᠳᠦᠷᠢᠮ ᠢ | ᠲᠣᠭᠲᠠᠭᠠᠵᠤ᠂ ᠲᠤᠬᠠᠶᠢᠯᠠᠪᠠᠯ ᠨᠡᠶᠢᠭᠡᠮ ᠤᠨ ᠪᠠᠶᠢᠭᠤᠯᠤᠯ᠂ ᠲᠦᠷᠦ ᠶᠢᠨ ᠪᠠᠶᠢᠭᠤᠯᠤᠯ ᠤᠨ ᠵᠠᠷᠴᠢᠮ ᠪᠠ ᠲᠦᠷᠦ ᠶᠢᠨ | ᠡᠷᠬᠡ ᠶᠢᠨ ᠵᠣᠬᠢᠶᠠᠨ ᠪᠠᠶᠢᠭᠤᠯᠤᠯᠲᠠ ᠵᠢᠴᠢ ᠠᠷᠠᠳ ᠢᠷᠭᠡᠨ ᠤ ᠦᠨᠳᠦᠰᠦᠨ ᠡᠷᠬᠡ ᠡᠭᠦᠷᠭᠡ ᠵᠡᠷᠭᠡ ᠠᠭᠤᠯᠭ᠎ᠠ | ᠪᠣᠯᠤᠨ᠎ᠠ᠃ ᠤᠬᠠᠭᠤᠯᠤᠨ ᠲᠠᠶᠢᠯᠪᠤᠷᠢᠯᠠᠬᠤ ᠳᠤᠮᠳᠠ ᠣᠯᠠᠨ ᠲᠦᠮᠡᠨ ᠳᠤ ᠣᠷᠤᠭ ᠭᠡᠷ ᠪᠦᠯᠢ᠂ ᠭᠡᠷ᠎ᠡ ᠶᠢᠨ | ᠵᠠᠭᠤᠷᠠᠯᠳᠤᠭᠠᠨ ᠤ ᠲᠥᠯᠥᠪᠦᠷᠢ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠵᠡᠷᠭᠡ ᠡᠯ᠎ᠡ ᠲᠥᠷᠥᠯ ᠤᠨ ᠬᠠᠤᠯᠢ | ᠴᠠᠭᠠᠵᠠ ᠶᠢᠨ ᠠᠰᠠᠭᠤᠳᠠᠯ ᠢ ᠢᠳᠡᠪᠬᠢᠲᠡᠢ ᠬᠠᠷᠢᠭᠤᠯᠵᠤ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ | ᠰᠢᠢᠳᠪᠦᠷᠢᠯᠡᠬᠦ ᠳᠤ ᠬᠠᠤᠯᠢ ᠶᠢ ᠲᠦᠰᠢᠭᠯᠡᠬᠦ ᠤᠬᠠᠮᠰᠠᠷ ᠢ ᠪᠤᠯᠭᠠᠨ᠎ᠠ᠃ ᠨᠡᠶᠢᠭᠡᠮ ᠲᠣᠭᠤᠷᠢᠭ ᠪᠣᠯᠤᠨ ᠬᠠᠤᠯᠢ | ᠴᠠᠭᠠᠵᠠ ᠶᠢᠨ ᠭᠠᠵᠠᠷ ᠤᠨ ᠠᠵᠢᠯᠲᠠᠳ ᠣᠯᠠᠨ ᠳᠤ ᠬᠠᠤᠯᠢ ᠴᠠᠭᠠᠵᠠ ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ᠂ | ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠨᠣᠮ ᠪᠢᠴᠢᠭ ᠪᠣᠯᠤᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠠᠶ᠃ | ᠨᠡᠶᠢᠭᠡᠮ ᠲᠣᠭᠤᠷᠢᠭ ᠤᠨ ᠢᠯᠡ ᠪᠠᠶᠢᠷᠢᠨ ᠳᠤ ᠤᠬᠠᠭᠤᠯᠭ᠎ᠠ ᠶᠢᠨ ᠬᠠᠭᠤᠳᠠᠰᠤ ᠡᠯᠭᠦᠪᠡ᠃ | ᠡᠨᠡ ᠤᠳᠠᠭᠠᠨ ᠤ ᠦᠨᠳᠦᠰᠦᠨ ᠬᠠᠤᠯᠢ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠳᠦᠷᠢᠮ ᠤᠨ | ᠤᠬᠠᠮᠰᠠᠷ ᠢᠶᠠᠨ ᠴᠢᠩᠭᠠᠳᠬᠠᠵᠤ᠂ ᠭᠡᠷ᠎ᠡ ᠶᠢᠨ ᠵᠣᠷᠢᠭ ᠰᠠᠨᠠᠭ᠎ᠠ ᠶᠢ ᠰᠠᠨᠠᠭᠠᠴᠢᠯᠠᠵᠤ᠂ ᠨᠡᠶᠢᠲᠡ ᠶᠢᠨ ᠡᠮᠬᠢ ᠵᠢᠷᠤᠮ ᠪᠠ | ᠰᠠᠶᠢᠨ ᠰᠠᠶᠢᠬᠠᠨ ᠬᠡᠪ ᠵᠠᠩᠰᠢᠯ ᠢ ᠪᠠᠳᠠᠷᠠᠭᠤᠯᠤᠨ᠂ ᠤᠯᠠᠨ ᠲᠦᠮᠡᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠢ ᠢᠴᠢᠯᠠᠵᠤ᠂ ᠨᠡᠶᠢᠭᠡᠮ ᠲᠣᠭᠤᠷᠢᠭ ᠲᠤ ᠬᠠᠤᠯᠢ ᠶᠢ ᠰᠠᠬᠢᠬᠤ ᠨᠢ | ᠢᠷᠠᠭᠤ ᠠᠯᠳᠠᠷᠲᠠᠶ᠂ ᠬᠠᠤᠯᠢ ᠶᠢ ᠵᠥᠷᠢᠴᠡᠬᠦ ᠨᠢ ᠢᠴᠢᠭᠦᠷᠢᠲᠡᠶ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠪᠠ᠃ | ︵ᠨᠠᠶᠢᠷᠠᠭᠤᠯᠤᠭᠴᠢ᠄ ᠹᠧᠩ ᠶᠢᠩ ᠨᠠᠨᠳᠢᠨ︶ |