ᠡᠪᠦᠯ ᠤᠨ ᠤᠯᠠᠷᠢᠯ ᠳᠤ ᠬᠠᠷᠢᠶᠠᠲᠤ ᠣᠷᠣᠨ ᠳᠤ ᠭᠠᠭᠴᠠᠭᠠᠷ ᠰᠠᠭᠤᠵᠤ ᠪᠠᠶᠢᠭ᠎ᠠ ᠨᠠᠰᠤᠲᠠᠨ ᠬᠥᠳᠡᠯᠵᠦ | ᠪᠠᠷᠢᠬᠤ ᠳᠤ ᠳᠥᠭᠦᠮ ᠦᠭᠡᠢ ᠠᠴᠠ ᠪᠣᠯᠵᠤ᠂ ᠭᠡᠷ ᠤᠨ ᠳᠣᠲᠣᠷᠠᠬᠢ ᠭᠠᠳᠠᠨᠠᠬᠢ ᠠᠷᠢᠭᠤᠨ ᠴᠡᠪᠡᠷ ᠢ ᠴᠡᠪᠡᠷᠯᠡᠬᠦ ᠨᠢ | ᠲᠡᠳᠡᠨ ᠳᠤ ᠬᠦᠴᠢᠷ ᠠᠰᠠᠭᠤᠳᠠᠯ ᠪᠣᠯᠵᠤ᠂ ᠨᠡᠶᠢᠭᠡᠮ ᠲᠣᠭᠤᠷᠢᠭ ᠤᠨ ᠭᠠᠭᠴᠠᠭᠠᠷ ᠰᠠᠭᠤᠭ᠎ᠠ ᠨᠠᠰᠤᠲᠠᠨ ᠢ | ᠬᠠᠪᠰᠤᠷᠤᠨ ᠠᠮᠢᠳᠤᠷᠠᠯ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ 11 ᠰᠠᠷ᠎ᠠ ᠶᠢᠨ 30 ᠤ ᠡᠳᠦᠷ᠂ | ᠭᠤᠤ ᠲᠠᠢ ᠽᠢ ᠵᠡᠭᠡᠯᠢ ᠭᠤᠳᠤᠮᠵᠢ ᠶᠢᠨ ᠰᠢᠬᠢᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠤᠨ ᠪᠣᠯᠪᠠᠰᠤᠨ ᠤ | ᠦᠢᠯᠡᠳᠦᠯᠬᠡ ᠶᠢᠨ ᠥᠷᠲᠡᠭᠡ ᠠᠴᠠ ᠬᠠᠷᠢᠶᠠᠲᠤ ᠣᠷᠣᠨ ᠤ ᠨᠠᠰᠤᠲᠠᠶᠢᠴᠤᠳ ᠢ ᠬᠠᠪᠰᠤᠷᠤᠨ ᠠᠷᠢᠭᠤᠨ ᠴᠡᠪᠡᠷ ᠤᠨ | ᠰᠠᠶᠢᠨ ᠳᠤᠷ᠎ᠠ ᠶᠢᠨ ᠦᠢᠯᠡᠴᠢᠯᠡᠭᠡ ᠬᠢᠯᠭᠡᠬᠦ ᠠᠵᠢᠯᠯᠠᠭ᠎ᠠ ᠥᠷᠨᠢᠭᠦᠯᠪᠡ᠃ | ᠨᠡᠶᠢᠭᠡᠮ ᠲᠣᠭᠤᠷᠢᠭ ᠤᠨ ᠰᠠᠶᠢᠨ ᠳᠤᠷᠠᠴᠤᠳ ᠨᠡᠶᠢᠭᠡᠮ ᠲᠣᠭᠤᠷᠢᠭ ᠤᠨ ᠭᠠᠭᠴᠠᠭᠠᠷ ᠰᠠᠭᠤᠵᠤ ᠪᠠᠶᠢᠭ᠎ᠠ | ᠨᠠᠰᠤᠲᠠᠳ ᠤᠨ ᠳᠤᠮᠳᠠ ᠬᠦᠷᠴᠦ᠂ ᠨᠠᠰᠤᠲᠠᠨ ᠤ ᠭᠡᠷ ᠤᠨ ᠠᠵᠢᠯ ᠢ ᠢᠳᠡᠪᠬᠢᠲᠡᠶ ᠲᠢᠭᠯᠡᠵᠦ᠂ ᠠᠭᠤᠷ ᠠᠮᠢᠰᠬᠤᠯ | ᠬᠦᠢᠲᠡᠨ ᠪᠣᠯᠪᠠᠴᠤ ᠰᠠᠶᠢᠨ ᠳᠤᠷᠠᠴᠤᠳ ᠬᠠᠯᠠᠭᠤᠨ ᠰᠡᠳᠬᠢᠯᠭᠡ ᠪᠠᠷ ᠨᠠᠰᠤᠲᠠᠨ ᠳᠤ ᠦᠢᠯᠡᠴᠢᠯᠡᠵᠦ᠂ | ᠨᠠᠰᠤᠲᠠᠶᠢᠴᠤᠳ ᠰᠠᠶᠢᠨ ᠳᠤᠷ᠎ᠠ ᠶᠢᠨ ᠠᠵᠢᠭᠯᠠᠭᠴᠢ ᠶᠢᠨ ᠬᠦᠷᠴᠦ ᠢᠷᠡᠭᠰᠡᠨ ᠢ ᠦᠵᠡᠭᠡᠳ ᠮᠠᠰᠢ ᠪᠠᠶᠠᠷᠯᠠᠪᠠ᠃ ᠡᠨᠡ | ᠤᠳᠠᠭᠠᠨ ᠤ ᠠᠵᠢᠯᠯᠠᠭ᠎ᠠ ᠳᠤ᠂ ᠨᠠᠰᠤᠲᠠᠨ ᠤ ᠠᠮᠢᠳᠤᠷᠠᠯ ᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠡᠪᠦᠯ ᠤᠨ | ᠡᠳᠦᠷ ᠤᠨ ᠬᠠᠯᠠᠭᠤᠨ ᠰᠡᠳᠬᠢᠯᠭᠡ ᠶᠢ ᠮᠡᠳᠡᠷᠡᠭᠦᠯᠵᠡᠶ᠃ | ᠡᠨᠡ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠬᠡᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ | ᠭᠠᠭᠴᠠᠭᠠᠷ ᠰᠠᠭᠤᠭ᠎ᠠ ᠨᠠᠰᠤᠲᠠᠨ ᠢ ᠬᠠᠪᠰᠤᠷᠤᠨ ᠪᠣᠳᠠᠲᠠᠶ ᠬᠦᠴᠢᠷᠳᠡᠯ ᠢ ᠰᠢᠢᠳᠪᠦᠷᠢᠯᠡᠵᠦ ᠥᠭᠴᠡᠶ᠃ ᠪᠠᠰᠠ | ᠨᠡᠶᠢᠭᠡᠮ ᠲᠣᠭᠤᠷᠢᠭ ᠤᠨ ᠲᠣᠮᠣ ᠭᠡᠷ ᠪᠦᠯᠢ ᠶᠢᠨ ᠬᠠᠷᠢᠶᠠᠨ ᠳᠠᠬᠢ ᠥᠨᠥᠴᠢᠨ ᠪᠡᠯᠪᠡᠰᠦᠨ ᠨᠠᠰᠤᠲᠠᠨ ᠢ | ᠬᠠᠯᠠᠮᠵᠢᠯᠠᠬᠤ ᠶᠢ ᠨᠡᠮᠡᠭᠳᠡᠭᠦᠯᠵᠡᠶ᠃ ᠲᠡᠳᠡᠨ ᠳᠤ ᠨᠡᠶᠢᠭᠡᠮ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠬᠠᠶᠢᠷ᠎ᠠ | ᠬᠠᠯᠠᠮᠵᠢ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠮᠡᠳᠡᠷᠡᠭᠦᠯᠪᠡ᠃ ︵ᠨᠠᠶᠢᠷᠠᠭᠤᠯᠤᠭᠴᠢ᠄ ᠹᠧᠩ ᠶᠢᠩ ᠨᠠᠨᠳᠢᠨ | ︶ |