( 91 ᠳ᠋ᠦ᠋ᠭᠡᠷ ᠲᠣᠭᠠᠲᠤ ) ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ  ᠤᠨ ᠠᠯᠪᠠᠨ ᠬᠡᠷ ᠠᠴᠠ ᠪᠠᠴᠢᠮ ᠰᠠᠨᠠᠭᠤᠯᠤᠮᠵᠢ
ᠨᠡᠶᠢᠲᠡᠯᠡᠭᠰᠡᠨ ᠴᠠᠭ᠄
2020/12/22
    2020 ᠣᠨ ᠤ 12 ᠰᠠᠷ᠎ᠠ ᠶᠢᠨ 19   ᠤ ᠡᠳᠦᠷ᠂ ᠪᠡᠭᠡᠵᠢᠩ ᠬᠤᠲᠠ ᠴᠤᠤᠶᠠᠩ ᠲᠣᠭᠤᠷᠢᠭ ᠤᠨ ᠬᠠᠨ ᠲᠢᠩ ᠪᠠᠭᠤᠳᠠᠯ ᠤᠨ ᠳ᠋ᠠ ᠱᠠᠨ ᠽᠢ ᠳᠡᠯᠭᠡᠭᠦᠷ ᠢ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠢᠶᠠᠷ ᠵᠠᠭᠠᠭᠯᠠᠨ ᠲᠣᠭᠲᠠᠭᠠᠪᠠ᠂ ᠣᠳᠣᠬᠠᠨ ᠤ ᠳᠡᠯᠡᠬᠡᠶ ᠶᠢᠨ ᠬᠢᠵᠢᠭ ᠤᠨ ᠪᠠᠶᠢᠳᠠᠯ ᠦᠷᠭᠦᠯᠵᠢᠯᠡᠨ ᠦᠷᠪᠢᠰᠦᠨ ᠳᠡᠯᠭᠡᠷᠡᠵᠦ ᠪᠠᠶᠢᠬᠤ ᠪᠠ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠳᠠᠬᠢᠨ ᠬᠡᠴᠡᠭᠦᠳᠡᠵᠦ ᠪᠠᠶᠢᠬᠤ ᠲᠦᠭᠰᠢᠭᠦᠷᠢ ᠶᠢ ᠦᠨᠳᠦᠰᠦᠯᠡᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠮᠠᠨ ᠤ ᠬᠤᠲᠠ ᠶᠢᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠨᠣᠴᠠᠲᠠᠶ ᠰᠠᠶᠢᠲᠤᠷ ᠬᠢᠬᠦ ᠶᠢᠨ ᠲᠥᠯᠥᠭᠡ᠂ ᠣᠲᠣ ᠥᠷᠭᠡᠨ ᠣᠯᠠᠨ ᠬᠤᠲᠠ ᠶᠢᠨ ᠠᠷᠠᠳ ᠲᠤ ᠳᠣᠤᠷᠠᠬᠢ ᠮᠡᠲᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠤᠯᠤᠮᠵᠢ ᠳᠤᠷᠠᠳᠤᠶ᠎ᠠ᠄     ᠨᠢᠭᠡ᠂ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠮᠡᠳᠡᠭᠡ ᠵᠠᠩᠭᠢ ᠶᠢᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠲᠠᠢ ᠪᠠᠶᠢᠪᠠᠯ᠂ ᠪᠡᠶ᠎ᠡ ᠶᠢᠨ ᠳᠤᠯᠠᠭᠠᠨ ᠨᠢ ᠬᠡᠪ ᠤᠨ ᠪᠠᠶᠢᠬᠤ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ; ᠬᠡᠷᠪᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠬᠠᠩᠭᠠᠵᠤ ᠳᠡᠶᠢᠯᠬᠦ ᠥᠬᠡᠶ ᠪᠣᠯ᠂ ᠬᠠᠮᠤᠭ ᠤᠨ ᠲᠡᠷᠢᠭᠦᠨ ᠳᠤ ᠲᠥᠪᠯᠡᠷᠡᠭᠦᠯᠦᠨ ᠲᠤᠰᠠᠭᠠᠷᠯᠠᠬᠤ  ᠶᠢᠨ ᠬᠠᠮᠲᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠵᠦ᠂ 24 ᠴᠠᠭ ᠤᠨ ᠳᠣᠲᠣᠷ᠎ᠠ ᠪᠠᠶᠢᠴᠠᠭᠠᠨ ᠬᠡᠮᠵᠢᠭᠰᠡᠨ ᠦᠷ᠎ᠡ ᠳ᠋ᠦᠩ ᠭᠠᠷᠭᠠᠵᠤ᠂ ᠪᠠᠶᠢᠴᠠᠭᠠᠨ ᠬᠡᠮᠵᠢᠭᠰᠡᠨ ᠦᠷ᠎ᠡ ᠳ᠋ᠦᠩ ᠨᠢ ᠪᠢᠯᠢᠭ ᠴᠢᠨᠠᠷ ᠤᠨ ᠳᠠᠷᠠᠭ᠎ᠠ ᠰᠠᠶ᠋ᠢ ᠡᠮᠬᠢ ᠵᠢᠷᠤᠮ ᠲᠠᠢ ᠪᠠᠷ ᠰᠢᠯᠵᠢᠵᠦ᠂ ᠬᠠᠮᠢᠶ᠎ᠠ ᠪᠥᠬᠦᠶ ᠵᠠᠷᠤᠳᠠᠯ ᠢ ᠥᠪᠡᠰᠦᠪᠡᠨ ᠰᠢᠶᠳᠪᠦᠷᠢᠯᠡᠨ᠎ᠡ᠃ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠠᠷᠭ᠎ᠠ ᠴᠢᠨᠠᠷ ᠢᠯᠡᠷᠡᠭᠰᠡᠨ ᠪᠠᠶᠢᠪᠠᠯ᠂ ᠱᠠᠭᠠᠷᠳᠠᠯᠭ᠎ᠠ ᠶᠣᠰᠣᠭᠠᠷ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠲᠤᠰᠠᠭᠠᠷᠯᠠᠨ ᠡᠮᠨᠡᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠠᠴᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠦᠨ᠎ᠡ᠃     ᠬᠤᠶᠠᠷ᠂ 12 ᠳ᠋ᠤᠭᠠᠷ ᠰᠠᠷ᠎ᠠ ᠶᠢᠨ 5   ᠤ ᠡᠳᠦᠷ ᠠᠴᠠ ᠬᠤᠶᠢᠰᠢ ᠳᠡᠭᠡᠷ᠎ᠡ ᠳᠤᠷᠠᠳᠤᠭᠰᠠᠨ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠬᠥᠮᠦᠰ ᠲᠠᠢ ᠣᠶᠢᠷᠠᠲᠤᠵᠤ ᠥᠩᠭᠡᠷᠡᠭᠰᠡᠨ ᠮᠠᠨ ᠤ ᠬᠤᠲᠠ ᠶᠢᠨ ᠬᠥᠮᠦᠰ᠂ ᠰᠠᠭᠤᠭ᠎ᠠ ᠭᠠᠵᠠᠷ ᠤᠨ ᠢᠶᠠᠨ ᠲᠣᠰᠬᠤᠨ ( ᠰᠠᠭᠤᠭᠠᠯᠢ ᠠᠷᠠᠳ )   ᠤ ᠵᠥᠪᠯᠡᠯ ᠳᠤ ᠳᠠᠷᠤᠶᠢᠬᠠᠨ ᠪᠦᠷᠢᠳᠬᠡᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠂ ᠬᠡᠷᠪᠡ ᠬᠠᠯᠠᠭᠤᠷᠠᠬᠤ᠂ ᠬᠠᠨᠢᠶᠠᠬᠤ᠂ ᠠᠮᠢᠰᠬᠤᠯ ᠳᠠᠪᠬᠤᠴᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠪᠠᠶᠢᠳᠠᠯ ᠢᠯᠡᠷᠡᠪᠡᠯ᠂ ᠨᠢᠭᠡ ᠯᠡ ᠤᠳᠠᠭ᠎ᠠ ᠶᠢᠨ ᠴᠢᠨᠠᠷᠲᠠᠶ ᠡᠮᠴᠢᠯᠡᠭᠡᠨ ᠳᠤ ᠬᠡᠷᠡᠭᠯᠡᠬᠦ ᠠᠮᠠᠪᠴᠢ ᠵᠢᠴᠢ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠵᠡᠭᠦᠵᠦ᠂ ᠣᠶᠢᠷ᠎ᠠ ᠬᠠᠪᠢ ᠶᠢᠨ ᠬᠠᠯᠠᠭᠤᠷᠠᠯ  ᠤᠨ ᠡᠭᠦᠳᠡᠨ ᠡᠮᠨᠡᠯᠭᠡ ᠳᠤ ᠴᠠᠭ ᠲᠤᠬᠠᠶ ᠳᠤᠨᠢ ᠬᠦᠷᠴᠦ ᠵᠢᠭᠰᠠᠭᠠᠨ ᠪᠠᠶᠢᠴᠠᠭᠠᠬᠤ ᠪᠠ ᠣᠨᠣᠰᠢᠯᠠᠨ ᠡᠮᠨᠡᠬᠦ ᠬᠡᠷᠡᠭᠲᠡᠶ᠂ ᠡᠮᠨᠡᠭᠦᠯᠬᠦ ᠶᠠᠪᠤᠴᠠ ᠳᠤ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ  ᠠᠴᠠ ᠵᠠᠶᠢᠯᠠᠰᠬᠢᠬᠦ ᠬᠡᠷᠡᠭᠲᠡᠶ᠂ ᠬᠡᠷᠪᠡ ᠬᠦᠨᠳᠦ ᠨᠣᠴᠢᠲᠠᠶ ᠡᠪᠡᠳᠴᠢᠨ ᠤ ᠪᠠᠶᠢᠳᠠᠯ ᠢᠯᠡᠷᠡᠪᠡᠯ᠂ ᠳᠠᠷᠤᠶ ᠲᠦᠷᠭᠡᠨ 120 ᠳᠤ ᠤᠲᠠᠰᠤᠳᠠᠵᠤ ᠡᠮᠨᠡᠭᠦᠯᠬᠦ ᠬᠡᠷᠡᠭᠲᠡᠶ᠃     ᠭᠤᠷᠪᠠ᠂ ᠥᠷᠭᠡᠨ ᠣᠯᠠᠨ ᠬᠤᠲᠠ ᠶᠢᠨ ᠠᠷᠠᠳ ᠬᠤᠪᠢ ᠬᠥᠮᠦᠨ ᠤ ᠰᠡᠷᠭᠡᠶᠢᠯᠡᠯᠲᠡ ᠬᠠᠮᠠᠭᠠᠯᠠᠯᠲᠠ ᠪᠠᠨ ᠰᠠᠶᠢᠲᠤᠷ ᠬᠢᠵᠦ᠂ ᠠᠮᠠᠪᠴᠢ ᠪᠠᠨ ᠰᠢᠨᠵᠢᠯᠡᠬᠦ ᠤᠬᠠᠭᠠᠨᠴᠢ ᠪᠠᠷ ᠵᠡᠭᠦᠵᠦ ( ᠢᠯᠠᠩᠭᠤᠶ᠎ᠠ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠ ᠣᠯᠠᠨ ᠨᠡᠶᠢᠲᠡ ᠶᠢᠨ ᠲᠠᠯᠠᠪᠤᠷ ᠲᠤ ᠰᠠᠭᠤᠵᠤ ᠠᠵᠢᠯᠯᠠᠭ᠎ᠠ ᠬᠢᠬᠦ )᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ 1 ᠮᠧᠲᠷ ᠠᠴᠠ ᠳᠡᠭᠡᠭᠰᠢᠬᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ ᠶᠢ ᠠᠩᠬᠠᠷᠴᠤ᠂ ᠴᠢᠬᠤᠯᠠ ᠪᠤᠰᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠪᠠᠭᠠᠰᠬᠠᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ  ᠶᠢᠨ ᠲᠠᠰ ᠤᠨ ᠬᠥᠳᠡᠯᠦᠩᠭᠦᠶ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠨᠢᠭᠲᠠ ᠠᠩᠬᠠᠷᠴᠤ᠂ ᠭᠠᠳᠠᠭᠰᠢ ᠭᠠᠷᠬᠤ  ᠪᠠᠨ ᠵᠣᠬᠢᠰᠲᠠᠶ ᠲᠣᠬᠢᠷᠠᠭᠤᠯᠵᠤ᠂ ᠳᠤᠮᠳᠠ᠂ ᠥᠨᠳᠥᠷ ᠲᠦᠭᠰᠢᠭᠦᠷᠢᠲᠦ ᠭᠠᠵᠠᠷ ᠣᠷᠣᠨ ᠳᠤ ᠣᠴᠢᠬᠤ ᠴᠢᠬᠤᠯᠠ ᠥᠬᠡᠶ ᠪᠠᠶᠢᠬᠤ ᠬᠡᠷᠡᠭᠲᠡᠶ᠃ ᠳᠤᠮᠳᠠ᠂ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠪᠤᠴᠠᠵᠤ ᠢᠷᠡᠭᠰᠡᠨ ᠤ ᠳᠠᠷᠠᠭ᠎ᠠ᠂ ᠮᠠᠨ ᠤ ᠬᠤᠲᠠ ᠶᠢᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠰᠠᠨᠠᠭᠠᠴᠢᠯᠠᠭ᠎ᠠ ᠠᠴᠠ  ᠪᠠᠨ ᠬᠠᠮᠵᠢᠯᠴᠠᠬᠤ ᠬᠡᠷᠡᠭᠲᠡᠶ᠃                                                ᠵᠠᠯᠠᠨ ᠠᠶᠢᠯ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ           ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ                                                             2020 ᠣᠨ ᠤ 12 ᠳ᠋ᠤᠭᠠᠷ ᠰᠠᠷ᠎ᠠ ᠶᠢᠨ 19   ᠤ ᠡᠳᠦᠷ
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号