ᠬᠠᠷᠢᠶ᠎ᠠ ᠣᠷᠣᠨ ᠤ ᠰᠠᠭᠤᠭᠠᠯᠢ ᠠᠷᠠᠳ ᠲᠤ ᠬᠡᠷ ᠪᠦᠯᠢ ᠶᠢᠨ ᠬᠦᠴᠦᠷᠬᠡᠭᠯᠡᠯ ᠤᠨ ᠬᠤᠤᠷ ᠬᠥᠨᠥᠭᠡᠯ ᠢ | ᠲᠠᠨᠢᠭᠤᠯᠵᠤ᠂ ᠬᠡᠷ ᠪᠦᠯᠢ ᠶᠢᠨ ᠬᠦᠴᠦᠷᠬᠡᠭᠯᠡᠯ ᠤᠨ ᠠᠰᠠᠭᠤᠳᠠᠯ ᠢ ᠴᠢᠬᠤᠯᠠᠴᠢᠯᠠᠬᠤ ᠶᠢᠨ ᠲᠥᠯᠥᠭᠡ᠂ ᠲᠦᠷᠦᠭᠦᠬᠡᠨ | ᠵᠠᠯᠠᠨ ᠠᠶᠢᠯ ᠬᠤᠲᠠ ᠶᠢᠨ ᠰᠢᠩ ᠬᠤᠸᠠ ᠵᠡᠭᠡᠯᠢ ᠭᠤᠳᠤᠮᠵᠢ ᠶᠢᠨ ᠶᠢᠩ ᠴᠦᠨ ᠨᠡᠶᠢᠭᠡᠮ ᠲᠣᠭᠤᠷᠢᠭ ᠤᠨ ᠬᠠᠷᠢᠶ᠎ᠠ | ᠣᠷᠣᠨ ᠤ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠦᠷᠢᠮ 》 ᠤᠨ ᠬᠠᠤᠯᠢ ᠴᠠᠭᠠᠵᠠ ᠶᠢᠨ ᠮᠡᠳᠡᠯᠭᠡ ᠶᠢᠨ | ᠲᠠᠶᠢᠯᠤᠮᠵᠢ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠰᠢᠩ ᠬᠤᠸᠠ ᠵᠡᠭᠡᠯᠢ ᠭᠤᠳᠤᠮᠵᠢ ᠶᠢᠨ ᠬᠠᠤᠯᠢ ᠴᠠᠭᠠᠵᠠ ᠶᠢᠨ ᠭᠠᠵᠠᠷ | ᠤᠨ ᠬᠠᠷᠢᠭᠤᠴᠠᠯᠭᠠᠲᠠᠨ ᠢ ᠤᠷᠢᠵᠤ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ 《 ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠦᠷᠢᠮ 》 《 ᠬᠡᠷ ᠪᠦᠯᠢ ᠶᠢᠨ | ᠬᠦᠴᠦᠷᠬᠡᠭᠯᠡᠯ ᠢ ᠡᠰᠡᠷᠭᠦᠴᠡᠬᠦ ᠬᠠᠤᠯᠢ 》 ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠲᠠᠶᠢᠯᠪᠤᠷᠢᠯᠠᠨ ᠥᠭᠴᠦ᠂ ᠬᠡᠷ ᠪᠦᠯᠢ ᠶᠢᠨ ᠬᠦᠴᠦᠷᠬᠡᠭᠯᠡᠯ ᠤᠨ ᠤᠬᠠᠭᠳᠠᠬᠤᠨ ᠪᠠ ᠲᠥᠷᠥᠯ ᠬᠡᠯᠪᠡᠷᠢ᠂ ᠬᠡᠷ ᠪᠦᠯᠢ | ᠶᠢᠨ ᠬᠦᠴᠦᠷᠬᠡᠭᠯᠡᠯ ᠤᠨ ᠣᠷᠣᠰᠢᠵᠤ ᠪᠠᠶᠢᠭ᠎ᠠ ᠰᠢᠯᠲᠠᠭᠠᠨ ᠪᠠ ᠣᠳᠣᠬᠢ ᠪᠠᠶᠢᠳᠠᠯ ᠢ ᠨᠠᠷᠢᠨ ᠵᠠᠳᠠᠯᠵᠤ᠂ ᠬᠡᠷ ᠪᠦᠯᠢ | ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠬᠤ ᠠᠷᠭ᠎ᠠ ᠪᠣᠳᠣᠯᠭ᠎ᠠ ᠶᠢ ᠨᠠᠷᠢᠨ ᠵᠠᠳᠠᠯᠪᠠ᠃ ᠡᠭᠦᠨ ᠤ ᠬᠠᠮᠲᠤ᠂ | ᠭᠠᠵᠠᠷ ᠤᠨ ᠳᠠᠷᠤᠭ᠎ᠠ ᠨᠡᠶᠢᠲᠡᠯᠢᠭ ᠬᠡᠷᠡᠭ ᠤᠨ ᠵᠢᠱᠢᠶ᠎ᠡ ᠪᠠ ᠬᠠᠤᠯᠢ ᠴᠠᠭᠠᠵᠠ ᠶᠢᠨ ᠵᠦᠶᠯ ᠵᠤᠷᠪᠤᠰ ᠲᠠᠢ | ᠤᠶᠠᠯᠳᠤᠭᠤᠯᠤᠨ᠂ ᠬᠡᠷ ᠪᠦᠯᠢ ᠶᠢᠨ ᠬᠦᠴᠦᠷᠬᠡᠭᠯᠡᠯ ᠤᠨ ᠣᠨᠴᠠᠯᠢᠭ ᠪᠠ ᠬᠤᠤᠷ ᠬᠥᠨᠥᠭᠡᠯᠲᠦ ᠴᠢᠨᠠᠷ᠂ ᠬᠡᠷ ᠪᠦᠯᠢ | ᠶᠢᠨ ᠬᠦᠴᠦᠷᠬᠡᠭᠯᠡᠯ ᠳᠤ ᠤᠴᠠᠷᠠᠭᠰᠠᠨ ᠦᠶ᠎ᠡ ᠳᠤ ᠬᠡᠷᠬᠢᠨ ᠭᠡᠷᠡᠴᠢ ᠠᠪᠬᠤ᠂ ᠶᠠᠮᠠᠷ ᠠᠷᠭ᠎ᠠ ᠮᠠᠶ᠋ᠢᠭ ᠢᠶᠠᠷ | ᠬᠠᠮᠠᠭᠠᠯᠠᠯᠲᠠ ᠡᠷᠢᠬᠦ ᠵᠡᠷᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠵᠠᠳᠠᠯᠵᠤ᠂ ᠬᠠᠷᠢᠶ᠎ᠠ ᠣᠷᠣᠨ ᠤ | ᠡᠮᠡᠭᠲᠡᠶᠢᠴᠦᠳ ᠤᠨ ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ᠂ ᠬᠡᠷ ᠪᠦᠯᠢ ᠶᠢᠨ ᠬᠦᠴᠦᠷᠬᠡᠭᠯᠡᠯ ᠡᠭᠦᠰᠬᠦ | ᠠᠴᠠ ᠵᠠᠶᠢᠯᠠᠰᠬᠢᠬᠦ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠷᠠᠭᠤᠯᠪᠠ᠃ | ᠲᠤᠰ ᠤᠳᠠᠭᠠᠨ ᠤ ᠲᠠᠶᠢᠯᠤᠮᠵᠢ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠦᠵᠡᠯ ᠤᠬᠠᠮᠰᠠᠷ ᠢ ᠳᠡᠭᠡᠭᠰᠢᠯᠡᠭᠦᠯᠵᠦ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠬᠡᠪ ᠴᠢᠨᠠᠷ᠂ ᠬᠠᠤᠯᠢ ᠪᠠᠷ ᠵᠠᠰᠠᠬᠤ ᠦᠵᠡᠯᠲᠡ ᠪᠠ | ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠭᠡᠷ ᠪᠦᠯᠢ ᠶᠢᠨ ᠪᠣᠯᠪᠠᠰᠤᠨ ᠢ | ᠰᠠᠨᠠᠭᠠᠴᠢᠯᠠᠨ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠤᠬᠠᠭᠤᠯᠤᠭᠴᠢ᠂ ᠦᠢᠯᠡᠳᠦᠯᠭᠡᠵᠢᠭᠦᠯᠦᠭᠴᠢ ᠪᠠ | ᠬᠠᠮᠠᠭᠠᠯᠠᠭᠴᠢ ᠪᠣᠯᠬᠤ ᠪᠠᠷ ᠴᠢᠷᠮᠠᠶᠢᠪᠠ᠃ |