ᠭᠤᠤ ᠲᠠᠢ ᠽᠢ ᠵᠡᠭᠡᠯᠢ ᠭᠤᠳᠤᠮᠵᠢ ᠶᠢᠨ ᠪᠥᠲᠥᠭᠡᠨ ᠪᠠᠶᠢᠭᠤᠯᠤᠯᠲᠠ ᠨᠡᠶᠢᠭᠡᠮ ᠲᠣᠭᠤᠷᠢᠭ ᠲᠤ 《 ᠭᠠᠯ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ ᠡᠶ᠎ᠡ ᠵᠣᠬᠢᠴᠠᠯᠳᠤ ᠨᠡᠶᠢᠭᠡᠮ ᠢ ᠪᠥᠲᠥᠭᠡᠨ ᠪᠠᠶᠢᠭᠤᠯᠬᠤ 》 ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ  ᠶᠢ ᠦᠷᠨᠢᠬᠦᠯᠪᠡ
ᠨᠡᠶᠢᠲᠡᠯᠡᠭᠰᠡᠨ ᠴᠠᠭ᠄
2020/12/23
    ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠭᠠᠯ ᠤᠨ ᠠᠶᠤᠯ ᠤᠨ ᠠᠳᠡᠯ ᠭᠠᠷᠬᠤ ᠶᠢ ᠪᠠᠭᠠᠰᠬᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ  ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠤᠰᠠᠳᠠ᠂ 12 ᠰᠠᠷ᠎ᠠ ᠶᠢᠨ 21   ᠤ ᠡᠳᠦᠷ᠂ ᠭᠤᠤ ᠲᠠᠢ ᠽᠢ ᠵᠡᠭᠡᠯᠢ ᠭᠤᠳᠤᠮᠵᠢ 《 ᠭᠠᠯ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠵᠦ ᠡᠶ᠎ᠡ ᠵᠣᠬᠢᠴᠠᠩᠭᠤᠢ ᠨᠡᠶᠢᠭᠡᠮ ᠢ ᠪᠠᠶᠢᠭᠤᠯᠬᠤ 》 ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠪᠦᠯ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠪᠡ᠃     ᠨᠡᠶᠢᠭᠡᠮ ᠲᠣᠭᠤᠷᠢᠭ ᠤᠨ ᠠᠵᠢᠯᠲᠠᠨ ᠵᠢᠴᠢ ᠰᠠᠶᠢᠨ ᠳᠤᠷ᠎ᠠ ᠶᠢᠨ ᠠᠵᠢᠯᠯᠠᠭᠰᠠᠳ ᠬᠠᠷᠢᠶ᠎ᠠ ᠣᠷᠣᠨ ᠳᠤ ᠭᠦᠨᠵᠡᠭᠡᠶᠢᠷᠡᠨ᠂ ᠬᠠᠷᠢᠶ᠎ᠠ ᠣᠷᠣᠨ ᠤ ᠭᠤᠣᠯᠳᠠᠯᠭ᠎ᠠ ᠲᠠᠢ ᠬᠥᠮᠦᠰ ᠲᠤ ᠭᠡᠷ ᠲᠤᠨᠢ ᠬᠦᠷᠴᠦ ᠭᠠᠯ ᠰᠡᠷᠭᠡᠶᠢᠯᠡᠬᠦ ᠪᠠᠶᠢᠴᠠᠭᠠᠯᠲᠠ ᠬᠢᠵᠦ᠂ ᠭᠡᠷ ᠪᠦᠯᠢ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ ᠴᠠᠭ ᠢᠮᠠᠭᠲᠠ ᠠᠩᠬᠠᠷᠬᠤ ᠬᠡᠷᠡᠭᠲᠡᠶ ᠭᠡᠵᠦ ᠰᠠᠭᠤᠭᠠᠯᠢ ᠠᠷᠠᠳ ᠲᠤ ᠰᠠᠨᠠᠭᠤᠯᠬᠤ ᠬᠡᠷᠡᠭᠲᠡᠶ; ᠡᠭᠦᠨ ᠤ ᠬᠠᠮᠲᠤ ᠠᠵᠢᠯᠲᠠᠳ ᠪᠠᠰᠠ ᠬᠠᠷᠢᠶ᠎ᠠ ᠣᠷᠣᠨ ᠤ ᠪᠠᠨ ᠳᠣᠲᠣᠷᠠᠬᠢ ᠬᠤᠳᠠᠯᠳᠤᠭᠠᠨ ᠤ ᠫᠦᠰᠡ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠵᠢᠷᠭᠢᠶ᠎ᠡ ᠶᠢᠨ ᠴᠤᠭᠯᠠᠷᠠᠯ ᠢᠶᠠᠷ ᠳᠠᠮᠵᠢᠭᠤᠯᠤᠨ ᠡᠪᠦᠯ ᠤᠨ ᠤᠯᠠᠷᠢᠯ ᠤᠨ ᠭᠠᠯ ᠰᠡᠷᠭᠡᠶᠢᠯᠡᠵᠦ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠮᠡᠳᠡᠯᠭᠡ ᠪᠣᠯᠤᠨ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ ᠳᠣᠲᠣᠨᠣᠰᠤᠭ ᠰᠠᠨᠠᠭᠤᠯᠤᠮᠵᠢ ᠲᠠᠷᠬᠠᠭᠠᠵᠤ᠂ ᠰᠠᠭᠤᠭᠠᠯᠢ ᠠᠷᠠᠳ ᠢ ᠲᠠᠶᠢᠴᠢᠯᠠᠨ ᠭᠠᠯ ᠤᠨᠲᠠᠷᠠᠭᠠᠬᠤ ᠵᠠᠮ ᠢ ᠪᠥᠭᠯᠡᠭᠰᠡᠨ ᠡᠯᠳᠡᠪ ᠪᠣᠳᠠᠰ ᠢ ᠴᠡᠪᠡᠷᠯᠡᠵᠦ᠂ ᠭᠠᠯ ᠤᠨ ᠭᠠᠮᠰᠢᠭ  ᠤᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠪᠠ᠃     ᠠᠮᠤᠷ ᠲᠦᠪᠰᠢᠨ ᠤ ᠬᠥᠮᠦᠵᠢᠯ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠦᠵᠡᠯ ᠰᠠᠨᠠᠭᠠᠨ ᠤ ᠲᠠᠯ᠎ᠠ ᠪᠠᠷ ᠭᠠᠯ ᠰᠡᠷᠭᠡᠶᠢᠯᠡᠬᠦ ᠪᠠ ᠭᠠᠮᠰᠢᠭ ᠠᠴᠠ ᠰᠡᠷᠭᠡᠶᠢᠯᠡᠬᠦ ᠶᠢᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠨᠢᠭᠤᠯᠵᠤ᠂ ᠨᠡᠶᠢᠭᠡᠮᠴᠢᠯᠡᠭᠰᠡᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号