ᠳ᠋ᠠ ᠾᠧ ᠸᠠᠨ ᠪᠠᠯᠭᠠᠰᠤ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》  ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ
ᠨᠡᠶᠢᠲᠡᠯᠡᠭᠰᠡᠨ ᠴᠠᠭ᠄
2020/12/23
    ᠳ᠋ᠠ ᠾᠧ ᠸᠠᠨ ᠪᠠᠯᠭᠠᠰᠤᠨ ᠤ ᠲᠣᠰᠬᠤᠨ᠂ ᠨᠡᠶᠢᠭᠡᠮ ᠲᠣᠭᠤᠷᠢᠭ ᠤᠨ 《 ᠬᠤᠶᠠᠷ ᠵᠥᠪᠯᠡᠯ 》   ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠠᠷᠢᠭᠤᠨ ᠴᠢᠬᠡᠴᠢ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ ᠳ᠋ᠡ ᠾᠧ ᠸᠠᠨ ᠪᠠᠯᠭᠠᠰᠤ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠠ᠃     ᠨᠢᠭᠡ ᠳᠤ ᠵᠣᠬᠢᠶᠠᠨ ᠪᠠᠶᠢᠭᠤᠯᠵᠤ ᠤᠳᠤᠷᠢᠳᠤᠨ᠎ᠠ᠃ ᠳ᠋ᠠ ᠾᠧ ᠸᠠᠨ ᠪᠠᠯᠭᠠᠰᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠪᠥᠭᠡᠳ ᠡᠯ᠎ᠡ ᠲᠣᠰᠬᠤᠨ ( ᠨᠡᠶᠢᠭᠡᠮ ᠲᠣᠭᠤᠷᠢᠭ )   ᠳᠤ 16 ᠠᠵᠢᠯ ᠤᠨ ᠵᠢᠯᠣᠭᠤᠳᠬᠤ ᠳᠤᠭᠤᠶᠢᠯᠠᠩ ᠲᠣᠮᠢᠯᠠᠨ ᠰᠠᠭᠤᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ  ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃ ᠬᠤᠶᠠᠷ ᠲᠤ ᠵᠢᠯᠣᠭᠤᠳᠣᠯᠭ᠎ᠠ ᠶᠢ ᠴᠢᠩᠭᠠᠳᠬᠠᠨ᠎ᠠ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠢ ᠴᠠᠭ ᠲᠤᠬᠠᠶ ᠳᠤᠨᠢ ᠬᠤᠷᠠᠯᠳᠤᠭᠤᠯᠵᠤ᠂ ᠬᠤᠷᠠᠯ ᠢᠶᠠᠷ ᠳᠠᠮᠵᠢᠭᠤᠯᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠣᠷᠢᠯᠭ᠎ᠠ ᠱᠠᠭᠠᠷᠳᠠᠯᠭ᠎ᠠ᠂ ᠲᠠᠰ ᠳᠠᠷᠠᠭᠠᠯᠠᠯ ᠠᠷᠭ᠎ᠠ ᠬᠡᠮᠵᠢᠶ᠎ᠡ᠂ ᠬᠠᠤᠯᠢ ᠴᠠᠭᠠᠵᠠ ᠬᠠᠤᠯᠢ ᠲᠣᠭᠲᠠᠭᠠᠯ᠂ ᠬᠥᠮᠦᠨ ᠰᠣᠩᠭᠤᠬᠤ ᠪᠠᠷᠢᠮᠵᠢᠶ᠎ᠠ ᠵᠡᠷᠭᠡ ᠶᠢ ᠪᠥᠬᠦ ᠲᠠᠯ᠎ᠠ ᠪᠠᠷ ᠪᠣᠯᠪᠠᠰᠤᠷᠠᠭᠤᠯᠵᠤ᠂ ᠲᠣᠰ ᠤᠳᠠᠭᠠᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠴᠤᠪᠤᠷᠠᠯ ᠢ ᠣᠯᠠᠨ ᠳᠤ ᠨᠠᠷᠢᠨ ᠡᠵᠡᠮᠰᠢᠭᠦᠯᠦᠨ᠎ᠡ᠃ ᠭᠤᠷᠪᠠ ᠳᠤ ᠶᠡᠬᠡᠪᠡᠷ ᠤᠬᠠᠭᠤᠯᠤᠨ᠎ᠠ᠃ ᠰᠣᠩᠭᠤᠭᠤᠯᠢ ᠠᠴᠠ ᠡᠮᠦᠨ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠴᠤᠭᠯᠠᠷᠠᠯ᠂ ᠡᠯᠭᠦᠭᠡ ᠪᠢᠴᠢᠭᠡᠰᠦ᠂ ᠤᠬᠠᠭᠤᠯᠭ᠎ᠠ ᠶᠢᠨ ᠬᠠᠭᠤᠳᠠᠰᠤ᠂ ᠭᠤᠷᠪᠠᠨ ᠶᠠᠪᠤᠳᠠᠯ ᠢ ᠢᠯᠡ ᠪᠣᠯᠭᠠᠬᠤ ᠪᠤᠯᠤᠩ ᠢᠶᠠᠷ ᠳᠠᠮᠵᠢᠭᠤᠯᠤᠨ᠂ ᠤᠷᠢᠶ᠎ᠠ ᠯᠣᠽᠦ᠋ᠩ ᠨᠠᠭᠠᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠡᠷᠦᠬᠡ ᠪᠣᠯᠭᠠᠨ ᠳᠤ ᠮᠡᠳᠡᠭᠦᠯᠵᠦ᠂ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠶ᠃ ᠲᠦᠷᠪᠡ ᠳᠤ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠬᠡᠷᠡᠭᠲᠡᠢ᠃ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠤᠷᠲᠠᠯ ᠢ ᠲᠥᠪ ᠪᠣᠯᠭᠠᠵᠤ ᠰᠠᠬᠢᠯᠭ᠎ᠠ ᠪᠠᠲᠤ ᠶᠢ ᠴᠢᠩᠳᠠᠯᠠᠬᠤ ᠳᠤᠭᠤᠶᠢᠯᠠᠩ ᠪᠠᠶᠢᠭᠤᠯᠵᠤ᠂ ᠨᠠᠶᠢᠵᠠ ᠨᠥᠬᠦᠳ ᠢᠶᠠᠨ ᠳᠠᠭᠤᠳᠠᠵᠤ ᠰᠣᠩᠭᠤᠭᠤᠯᠢ ᠶᠢᠨ ᠫᠢᠶᠣᠣ ᠲᠠᠲᠠᠬᠤ᠂ ᠵᠣᠴᠢᠨ ᠳᠠᠶᠢᠯᠠᠬᠤ ᠪᠡᠯᠡᠭ ᠬᠦᠷᠭᠡᠬᠦ ᠬᠠᠭ᠋ᠤᠤᠯᠢᠳᠤ ᠰᠣᠩᠭᠤᠭᠤᠯᠢ ᠬᠢᠬᠦ᠂ ᠵᠢᠷᠤᠮ ᠢ ᠵᠥᠷᠢᠴᠡᠵᠦ ᠵᠢᠱᠢᠭᠳᠡᠭᠴᠢ ᠶᠢ ᠲᠣᠭᠲᠠᠭᠠᠬᠤ ᠵᠡᠷᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠠᠵᠢᠯᠯᠠᠭ᠎ᠠ ᠵᠢᠴᠢ ᠨᠠᠮ ᠤᠨ ᠭᠡᠰᠢᠭᠦᠨ ᠺᠠᠳ᠋ᠷ ᠤᠨ ᠡᠷᠬᠡ ᠲᠤᠰᠢᠶᠠᠯ ᠢᠶᠠᠨ ᠠᠰᠢᠭᠯᠠᠨ ᠬᠤᠭᠤᠴᠠᠭ᠎ᠠ ᠰᠣᠯᠢᠬᠤ ᠰᠣᠩᠭᠤᠭᠤᠯᠢ ᠳᠤ ᠨᠥᠯᠥᠭᠡᠯᠡᠭᠳᠡᠭᠰᠡᠨ᠂ ᠭᠠᠷ ᠲᠦᠷᠦᠭᠰᠡᠨ᠂ ᠭᠠᠷ ᠲᠦᠷᠦᠭᠰᠡᠨ ᠪᠠᠶᠢᠪᠠᠯ ᠨᠢᠭᠡ ᠶᠢ ᠣᠯᠵᠤ ᠮᠡᠳᠡᠪᠡᠯ ᠨᠢᠭᠡ ᠶᠢ ᠪᠠᠶᠢᠴᠠᠭᠠᠨ ᠰᠢᠢᠳᠪᠦᠷᠢᠯᠡᠵᠦ᠂ ᠠᠶᠤᠯᠭᠠᠨ ᠰᠦᠷᠳᠡᠭᠦᠯᠵᠦ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠬᠠᠮᠠᠭᠠᠯᠠᠨ᠎ᠠ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号