ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ | ᠠᠵᠢᠯ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠬᠠᠤᠯᠢ | ᠲᠣᠭᠲᠠᠭᠠᠯ ᠶᠣᠰᠣᠭᠠᠷ ᠬᠤᠭᠤᠴᠠᠭ᠎ᠠ ᠰᠣᠯᠢᠬᠤ ᠠᠵᠢᠯ ᠢ ᠵᠢᠯᠣᠭᠤᠳᠬᠤ ᠴᠢᠳᠠᠪᠤᠷᠢ ᠶᠢᠨ ᠬᠢᠷᠢ ᠲᠦᠪᠰᠢᠨ ᠢ | ᠳᠡᠭᠡᠭᠰᠢᠯᠡᠭᠦᠯᠪᠡ᠃ ᠴᠢᠩᠭᠢᠰ ᠬᠠᠭᠠᠨ ᠪᠠᠯᠭᠠᠰᠤ ︽ᠪᠠᠭ᠎ᠠ ᠠᠯᠬᠤᠮ ᠢᠶᠠᠷ ᠬᠤᠷᠳᠤᠨ ᠭᠦᠶᠦᠬᠦ︾ ᠠᠷᠭ᠎ᠠ ᠪᠣᠳᠣᠯᠭ᠎ᠠ | ᠠᠪᠴᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠲᠠᠰ ᠳᠠᠷᠠᠭᠠᠯᠠᠯ᠂ ᠭᠤᠭᠴᠤᠭ᠎ᠠ ᠶᠢ ᠦᠨᠳᠦᠰᠦᠯᠡᠨ᠂ ᠱᠠᠲᠤ | ᠦᠶ᠎ᠡ ᠬᠤᠪᠢᠶᠠᠵᠤ᠂ ᠭᠤᠣᠯᠳᠠᠯᠭ᠎ᠠ ᠶᠢ ᠠᠳᠬᠤᠬᠤ᠂ ᠬᠠᠨᠳᠤᠯᠭᠠᠲᠤ ᠴᠢᠨᠠᠷᠲᠠᠶ ᠲᠤᠬᠠᠶᠢᠯᠠᠭᠰᠠᠨ ᠠᠵᠢᠯ ᠤᠨ | ᠪᠣᠯᠪᠠᠰᠤᠷᠠᠯ ᠬᠢᠬᠦ ᠪᠠᠷ ᠳᠡᠮᠵᠢᠨ᠂ ᠪᠠᠯᠭᠠᠰᠤᠨ ᠤ ᠬᠤᠭᠤᠴᠠᠭ᠎ᠠ ᠰᠣᠯᠢᠬᠤ ᠶᠢ ᠵᠢᠯᠣᠭᠤᠳᠬᠤ ᠳᠤᠭᠤᠶᠢᠯᠠᠩ ᠤᠨ ᠪᠥᠬᠦ | ᠪᠦᠷᠢᠯᠳᠦᠬᠦᠨ ᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃ 12 | ᠰᠠᠷ᠎ᠠ ᠶᠢᠨ 20 ᠤ ᠡᠳᠦᠷ᠂ ᠪᠠᠯᠭᠠᠰᠤᠨ ᠤ ᠬᠤᠭᠤᠴᠠᠭ᠎ᠠ ᠰᠣᠯᠢᠬᠤ ᠶᠢ ᠵᠢᠯᠣᠭᠤᠳᠬᠤ ᠳᠤᠭᠤᠶᠢᠯᠠᠩ ᠤᠨ ᠠᠵᠢᠯ | ᠪᠠᠶᠢᠴᠠᠭᠠᠬᠤ ᠪᠣᠯᠪᠠᠰᠤᠷᠠᠯ ᠤᠨ ᠬᠤᠷᠠᠯ ᠬᠢᠪᠠ᠃ | ᠬᠤᠷᠠᠯ ᠳᠡᠭᠡᠷ᠎ᠡ᠂ ᠳᠠᠭᠠᠭᠤᠯᠤᠨ ᠰᠤᠷᠤᠯᠴᠠᠵᠤ᠂ ︽ᠲᠣᠰᠬᠤᠨ ᠤ ᠰᠢᠨ᠎ᠡ ᠨᠢᠭᠡ ᠬᠤᠭᠤᠴᠠᠭᠠᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠭᠡᠰᠢᠭᠦᠨ ᠤ ᠵᠢᠱᠢᠭᠳᠡᠭᠴᠢ ᠶᠢ ᠲᠠᠨᠢᠯᠴᠠᠭᠤᠯᠬᠤ ᠠᠷᠭ᠎ᠠ︾ ︵ᠲᠥᠰᠦᠯ︶ ᠶᠢ ᠡᠮᠬᠢᠯᠡᠨ | ᠳᠢᠭᠯᠡᠵᠦ᠂ ᠲᠠᠨᠢᠯᠴᠠᠭᠤᠯᠬᠤ ᠬᠤᠷᠠᠯ ᠤᠨ ᠠᠵᠢᠯ ᠤᠨ ᠭᠤᠣᠯᠳᠠᠯᠭ᠎ᠠ᠂ ᠲᠠᠰ ᠳᠠᠷᠠᠭᠠᠯᠠᠯ ᠠᠯᠬᠤᠮ ᠳᠠᠷᠠᠭ᠎ᠠ ᠳᠤ | ᠭᠦᠨᠵᠡᠭᠡᠶ ᠲᠠᠶᠢᠯᠤᠮᠵᠢ ᠬᠢᠵᠦ᠂ ᠵᠠᠩᠭᠢᠯᠠᠭ᠎ᠠ ᠶᠢᠨ ᠭᠤᠭᠴᠤᠭ᠎ᠠ ᠴᠤᠪᠤᠷᠠᠯ ᠢ ᠡᠮᠬᠢᠯᠡᠨ ᠳᠢᠭᠯᠡᠵᠦ᠂ ᠲᠤᠰᠢᠶᠠᠯ | ᠬᠠᠷᠢᠭᠤᠴᠠᠯᠭ᠎ᠠ ᠡᠭᠦᠷᠭᠡ᠂ ᠠᠷᠭ᠎ᠠ ᠬᠡᠮᠵᠢᠶ᠎ᠡ ᠠᠯᠬᠤᠮ ᠳᠠᠷᠠᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃ | ᠬᠤᠷᠠᠯ ᠠᠴᠠ᠂ ᠡᠯ᠎ᠡ ᠵᠢᠯᠣᠭᠤᠳᠬᠤ ᠳᠤᠭᠤᠶᠢᠯᠠᠩ ᠤᠨ ᠬᠢᠨ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ | ᠬᠤᠭᠤᠴᠠᠭ᠎ᠠ ᠰᠣᠯᠢᠬᠤ ᠶᠢ ᠲᠣᠭᠲᠠᠭᠤᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠶ᠃ ᠬᠤᠭᠤᠴᠠᠭ᠎ᠠ ᠰᠣᠯᠢᠬᠤ | ᠠᠵᠢᠯ ᠤᠨ ᠠᠯᠬᠤᠮ ᠲᠠᠷᠠᠭ᠎ᠠ ᠨᠢᠭᠡᠪᠦᠷᠢ᠂ ᠭᠤᠭᠴᠤᠭ᠎ᠠ ᠨᠢᠭᠡᠪᠦᠷᠢ ᠶᠢᠨ ᠬᠠᠤᠯᠢ ᠶᠣᠰᠣᠭᠠᠷ ᠡᠮᠬᠢ ᠵᠢᠷᠤᠮ ᠲᠠᠢ | ᠠᠵᠢᠯᠯᠠᠬᠤ ᠶᠢ ᠪᠠᠲᠤᠯᠠᠵᠤ᠂ ᠠᠵᠢᠯ ᠢᠶᠠᠨ ᠦᠨᠡᠨ ᠬᠦ ᠪᠣᠳᠠᠲᠠᠢ ᠨᠠᠷᠢᠯᠢᠭ ᠬᠢᠵᠦ᠂ ᠬᠤᠭᠤᠴᠠᠭ᠎ᠠ ᠰᠣᠯᠢᠬᠤ | ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠲᠣᠰ ᠤᠳᠠᠭᠠᠨ ᠤ ᠲᠥᠪᠯᠡᠷᠡᠭᠦᠯᠦᠨ ᠪᠣᠯᠪᠠᠰᠤᠷᠠᠭᠤᠯᠬᠤ ᠪᠠᠷ ᠳᠠᠮᠵᠢᠭᠤᠯᠤᠨ᠂ ᠲᠠᠰ ᠳᠠᠷᠠᠭᠠᠯᠠᠯ ᠤᠨ | ᠭᠤᠭᠴᠤᠭ᠎ᠠ ᠶᠢ ᠨᠠᠩ ᠪᠥᠬᠦ ᠲᠠᠯ᠎ᠠ ᠪᠠᠷ ᠰᠢᠰᠲ᠋ᠧᠮ ᠲᠠᠢ ᠪᠥᠭᠡᠳ ᠭᠦᠨᠵᠡᠭᠡᠶ ᠣᠨᠣᠪᠴᠢᠲᠠᠶ ᠡᠵᠡᠮᠰᠢᠵᠦ᠂ | ᠲᠠᠷᠠᠭᠠᠴᠢ ᠶᠢᠨ ᠠᠯᠬᠤᠮ ᠳᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ | ᠥᠭᠴᠡᠶ᠃ |