ᠸᠧ ᠨᠢᠦ ᠾᠧ ᠪᠠᠯᠭᠠᠰᠤ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠨᠠᠮ ᠤᠨ ᠭᠡᠰᠢᠭᠦᠨ ᠤ ᠶᠡᠭᠡ ᠬᠤᠷᠠᠯ ᠵᠢᠴᠢ ᠨᠠᠮ ᠤᠨ ᠭᠡᠰᠢᠭᠦᠨ᠂ ᠲᠣᠰᠬᠤᠨ ᠤ ᠠᠷᠠᠳ ᠤᠨ ᠲᠥᠯᠥᠭᠡᠯᠡᠭᠴᠢ ᠶᠢ ᠲᠠᠨᠢᠯᠴᠠᠭᠤᠯᠬᠤ ᠬᠤᠷᠠᠯ ᠢ ᠤᠷᠤᠭᠰᠢᠲᠠᠶ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/24
  ᠸᠧ ᠨᠢᠦ ᠾᠧ ᠪᠠᠯᠭᠠᠰᠤ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ︽ᠬᠤᠶᠠᠷ ᠪᠠᠲᠤᠯᠠᠨ ᠲᠠᠨᠢᠯᠴᠠᠭᠤᠯᠬᠤ ᠨᠢᠭᠡ ᠰᠣᠩᠭᠤᠬᠤ︾ ᠠᠵᠢᠯ ᠢ ᠨᠠᠩ ᠭᠦᠨᠵᠡᠭᠡᠶ᠂ ᠯᠠᠪᠳᠠᠭᠤᠨ ᠪᠠᠲᠤᠲᠠᠶ᠂ ᠲᠣᠭᠲᠠᠭᠤᠨ ᠢᠶᠠᠷ ᠥᠷᠨᠢᠭᠦᠯᠬᠦ ᠶᠢ ᠦᠨᠡᠨ ᠬᠦ ᠪᠠᠲᠤᠯᠠᠵᠤ᠂ 12 ᠰᠠᠷ᠎ᠠ ᠶᠢᠨ 21 ᠤ ᠡᠳᠦᠷ ᠠᠴᠠ 22 ᠤᠨ ᠡᠳᠦᠷ ᠪᠣᠯᠲᠠᠯ᠎ᠠ᠂ ᠪᠠᠯᠭᠠᠰᠤᠨ ᠤ ᠨᠠᠮ ᠤᠨ ᠬᠤᠷᠢᠶᠠᠨ ᠤ ᠵᠢᠯᠣᠭᠤᠳᠣᠯᠭ᠎ᠠ ᠳᠣᠤᠷ᠎ᠠ᠂  ᠸᠧ ᠨᠢᠦ ᠾᠧ ᠪᠠᠯᠭᠠᠰᠤᠨ ᠤ ᠡᠯ᠎ᠡ ᠲᠣᠰᠬᠤᠨ᠂ ᠨᠡᠶᠢᠭᠡᠮ ᠲᠣᠭᠤᠷᠢᠭ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠨᠠᠮ ᠤᠨ ᠭᠡᠰᠢᠭᠦᠨ ᠤ ᠶᠡᠭᠡ ᠬᠤᠷᠠᠯ ᠵᠢᠴᠢ ᠨᠠᠮ ᠤᠨ ᠭᠡᠰᠢᠭᠦᠨ᠂ ᠭᠠᠴᠠᠭᠠᠨ ᠤ ᠠᠷᠠᠳ ᠤᠨ ᠲᠥᠯᠥᠭᠡᠯᠡᠭᠴᠢ ᠶᠢ ᠲᠠᠨᠢᠯᠴᠠᠭᠤᠯᠬᠤ ᠬᠤᠷᠠᠯ ᠬᠤᠷᠠᠯᠳᠤᠭᠤᠯᠵᠤ᠂ ︽ᠬᠤᠶᠠᠷ ᠪᠠᠲᠤᠯᠠᠨ ᠲᠠᠨᠢᠯᠴᠠᠭᠤᠯᠬᠤ ᠨᠢᠭᠡ ᠰᠣᠩᠭᠤᠬᠤ︾ ᠳᠤᠮᠳᠠᠬᠢ ᠨᠢᠭᠡ ᠲᠠᠨᠢᠯᠴᠠᠭᠤᠯᠬᠤ ᠠᠵᠢᠯ ᠢ ᠥᠷᠨᠢᠭᠦᠯᠵᠦ᠂ ᠪᠠᠯᠭᠠᠰᠤᠨ ᠤ ᠨᠠᠮ ᠤᠨ ᠬᠤᠷᠢᠶ᠎ᠠ ᠠᠴᠠ ᠲᠣᠮᠢᠯᠠᠭᠰᠠᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠯᠣᠭᠤᠳᠬᠤ  ᠨᠠᠢᠮᠠ ᠪᠦᠷᠢᠯᠳᠦᠬᠦᠨ ᠪᠥᠬᠦ ᠶᠠᠪᠤᠴᠠ ᠳᠤ ᠬᠤᠷᠠᠯ ᠳᠤ ᠣᠷᠣᠯᠴᠠᠪᠠ᠃ ᠢᠩᠭᠢᠭᠡᠳ ᠸᠤ᠋ ᠨᠢᠦ ᠾᠧ ᠪᠠᠯᠭᠠᠰᠤ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠠᠩᠬᠠᠨ ᠤ ᠫᠤᠤ ᠶᠢ ᠳᠤᠤᠭᠠᠷᠭᠠᠪᠠ᠃
   ᠡᠨᠡ
ᠤᠳᠠᠭᠠᠨ ᠤ ᠭᠠᠴᠠᠭᠠᠨ ᠤ ᠬᠤᠷᠠᠯ ᠨᠢ ᠪᠠᠯᠭᠠᠰᠤᠨ ᠤ ᠨᠠᠮ ᠤᠨ ᠬᠤᠷᠢᠶᠠᠨ ᠤ ᠲᠣᠭᠲᠠᠭᠠᠭᠰᠠᠨ ᠭᠠᠴᠠᠭ᠎ᠠ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠬᠡᠷᠡᠭᠵᠢᠭᠦᠯᠬᠦ ᠲᠥᠰᠦᠯ ᠪᠠ ᠰᠣᠩᠭᠤᠭᠤᠯᠢ ᠶᠢᠨ ᠠᠵᠢᠯ ᠤᠨ ᠶᠠᠪᠤᠴᠠ ᠶᠢᠨ ᠴᠠᠭ ᠤᠨ ᠵᠠᠩᠭᠢᠶᠠᠰᠤ ᠶᠢ ᠴᠢᠩᠭ᠎ᠠ ᠵᠢᠷᠤᠮᠯᠠᠨ ᠨᠢᠭᠡᠳᠦᠯᠲᠡᠢ ᠲᠥᠯᠥᠪᠯᠡᠨ ᠲᠤᠬᠢᠷᠠᠭᠤᠯᠵᠤ᠂ ᠭᠠᠴᠠᠭ᠎ᠠ ᠬᠤᠪᠢᠶᠠᠨ ᠨᠢᠭᠡ ᠨᠢᠭᠡ ᠪᠠᠷ ᠬᠡᠷᠡᠭᠵᠢᠭᠦᠯᠪᠡ᠃ ᠨᠠᠮ ᠤᠨ ᠭᠡᠰᠢᠭᠦᠨ ᠤ ᠶᠡᠭᠡ ᠬᠤᠷᠠᠯ ᠳᠡᠭᠡᠷ᠎ᠡ ᠨᠠᠮ ᠤᠨ ᠭᠡᠰᠢᠭᠦᠨ ᠤ ᠰᠣᠩᠭᠤᠭᠤᠯᠢ ᠳᠤ ᠣᠷᠣᠯᠴᠠᠵᠤ ᠪᠣᠯᠬᠤ ᠦᠭᠡᠢ ᠪᠠᠶᠢᠳᠠᠯ ᠵᠢᠴᠢ ᠨᠡᠷᠡᠰ ᠢ ᠪᠠᠲᠤᠯᠠᠪᠠ᠃ ᠨᠠᠮ ᠤᠨ ᠭᠡᠰᠢᠭᠦᠨ ᠪᠠ ᠭᠠᠴᠠᠭᠠᠨ ᠤ ᠠᠷᠠᠳ ᠤᠨ ᠲᠥᠯᠥᠭᠡᠯᠡᠭᠴᠢ ᠶᠢ ᠲᠠᠨᠢᠯᠴᠠᠭᠤᠯᠬᠤ ᠬᠤᠷᠠᠯ ᠳᠡᠭᠡᠷ᠎ᠡ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠯᠣᠭᠤᠳᠬᠤ ᠳᠤᠭᠤᠶᠢᠯᠠᠩ ᠲᠤᠰ ᠤᠳᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠣᠯᠢᠬᠤ ᠲᠤᠰᠢᠶᠠᠯ ᠤᠨ ᠲᠤᠭ᠎ᠠ᠂ ᠠᠵᠢᠯᠲᠠᠨ ᠤ ᠪᠦᠲᠦᠴᠡ ᠵᠢᠴᠢ ᠵᠢᠱᠢᠭᠳᠡᠭᠰᠡᠳ ᠤᠨ ᠲᠤᠰᠢᠶᠠᠯ ᠡᠭᠦᠷᠭᠡᠯᠡᠬᠦ ᠨᠥᠬᠦᠴᠡᠯ ᠳᠤ ᠲᠣᠳᠣᠷᠬᠠᠶᠢᠯᠠᠯᠲᠠ ᠬᠢᠪᠡ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠤᠨ᠂ ᠨᠠᠮ ᠤᠨ ᠭᠡᠰᠢᠭᠦᠨ ᠤᠯᠠᠨ ᠲᠦᠮᠡᠨ ᠤ ᠠᠩᠬ᠎ᠠ ᠠᠯᠬᠤᠮ ᠤᠨ ᠵᠢᠱᠢᠭᠳᠡᠭᠴᠢ ᠶᠢ ᠠᠷᠠᠳᠴᠢᠯᠠᠯ ᠢᠶᠠᠷ ᠲᠠᠨᠢᠯᠴᠠᠭᠤᠯᠬᠤ ᠨᠥᠬᠦᠴᠡᠯ ᠢ ᠵᠥᠪ ᠡᠵᠡᠮᠳᠡᠵᠦ᠂ ᠵᠢᠱᠢᠭᠳᠡᠭᠴᠢ ᠶᠢᠨ ᠨᠡᠷ᠎ᠡ ᠳᠤᠷᠠᠳᠬᠤ ᠡᠷᠬᠡ ᠶᠢ ᠥᠷᠭᠡᠨ ᠤᠯᠠᠨ ᠨᠠᠮ ᠤᠨ ᠭᠡᠰᠢᠭᠦᠨ ᠪᠣᠯᠤᠨ ᠲᠣᠰᠬᠤᠨ ᠤ ᠠᠷᠠᠳ ᠤᠨ ᠲᠥᠯᠥᠭᠡᠯᠡᠭᠴᠢᠳ ᠲᠤ ᠲᠤᠰᠢᠶᠠᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠨᠠᠮ ᠤᠨ ᠭᠡᠰᠢᠭᠦᠨ ᠪᠣᠯᠤᠨ ᠲᠣᠰᠬᠤᠨ ᠤ ᠠᠷᠠᠳ ᠤᠨ ᠲᠥᠯᠥᠭᠡᠯᠡᠭᠴᠢ ᠥᠪᠡᠷ ᠤᠨ ᠬᠦᠰᠡᠯ ᠢᠶᠠᠷ ᠢᠶᠠᠨ ᠨᠢᠭᠤᠴᠠ ᠪᠢᠯᠧᠲ ᠥᠭᠬᠦ᠂ ᠲᠤᠬᠠᠢ ᠶᠢᠨ ᠲᠠᠯᠠᠪᠠᠢ ᠳᠤ ᠪᠢᠯᠧᠲ ᠳᠠᠭᠤᠯᠠᠬᠤ᠂ ᠪᠢᠯᠧᠲ ᠪᠦᠷᠢᠳᠬᠡᠭᠰᠡᠨ ᠪᠥᠭᠡᠳ ᠪᠢᠯᠧᠲ ᠥᠭᠭᠦᠭᠰᠡᠨ ᠦᠷ᠎ᠡ ᠳ᠋ᠦᠩ ᠢ ᠨᠡᠶᠢᠲᠡᠯᠡᠨ᠎ᠡ᠃
   ᠣᠳᠣᠬᠠᠨ ᠳᠤ᠂ ᠸᠤ᠋ ᠨᠢᠦ ᠾᠧ ᠪᠠᠯᠭᠠᠰᠤᠨ ᠤ 14 ᠲᠣᠰᠬᠤᠨ᠂ ᠨᠡᠶᠢᠭᠡᠮ
ᠲᠣᠭᠤᠷᠢᠭ ᠤᠨ ᠠᠩᠬ᠎ᠠ ᠠᠯᠬᠤᠮ ᠤᠨ ᠲᠠᠨᠢᠯᠴᠠᠭᠤᠯᠤᠭᠰᠠᠨ ᠵᠢᠱᠢᠭᠳᠡᠭᠴᠢ ᠶᠢᠨ ᠠᠵᠢᠯ ᠢ ᠪᠦᠬᠦᠨ ᠢ ᠤᠷᠤᠭᠰᠢᠲᠠᠶ ᠪᠡᠶᠡᠯᠡᠭᠦᠯᠵᠦ᠂ ᠲᠠᠷᠠᠭᠠᠴᠢ ᠶᠢᠨ ᠱᠠᠲᠤᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号