ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠤᠨ ᠮᠡᠳᠡᠪᠡᠯ ᠵᠣᠬᠢᠬᠤ ᠬᠤᠷᠠᠯ
ᠨᠡᠶᠢᠲᠡᠯᠡᠭᠰᠡᠨ ᠴᠠᠭ᠄
2020/12/28
    ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠤ ᠲᠤᠰᠢᠶᠠᠯ ᠤᠨ ᠲᠤᠭ᠎ᠠ ᠪᠠ ᠪᠦᠲᠦᠴᠡ ᠨᠢ ᠶᠠᠮᠠᠷ ᠱᠠᠭᠠᠷᠳᠠᠯᠭ᠎ᠠ ᠲᠠᠢ ᠪᠣᠶ︖     ᠬᠠᠷᠢᠭᠤᠯᠲᠠ᠄ ᠬᠤᠷᠴᠠ ᠴᠢᠳᠠᠮᠠᠭᠠᠶ ᠥᠨᠳᠥᠷ ᠪᠦᠲᠦᠮᠵᠢᠲᠡᠶ ᠪᠠᠶᠢᠬᠤ ᠵᠠᠷᠴᠢᠮ ᠢ ᠪᠠᠷᠢᠮᠲᠠᠯᠠᠵᠤ᠂ ᠬᠤᠯᠪᠣᠭᠳᠠᠯ ᠪᠥᠬᠦᠶ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠬᠡᠪᠴᠢᠶ᠎ᠡ᠂ ᠭᠠᠵᠠᠷ ᠣᠷᠣᠨ ᠤ ᠲᠠᠯᠠᠪᠠᠶ ᠪᠠ ᠦᠢᠯᠡᠴᠢᠯᠡᠭᠡᠨ ᠤ ᠷᠠᠳᠢᠦ᠋ᠰ ᠲᠠᠢ ᠤᠶᠠᠯᠳᠤᠭᠤᠯᠵᠤ᠂ ︽ᠬᠤᠶᠠᠷ ᠵᠥᠪᠯᠡᠯ︾ ᠤᠨ ᠪᠦᠷᠢᠯᠳᠦᠬᠦᠨ ᠤ ᠣᠷᠣᠨ ᠲᠤᠭ᠎ᠠ ᠶᠢ ᠵᠦᠶ ᠵᠣᠬᠢᠰᠲᠠᠶ ᠲᠣᠭᠲᠠᠭᠠᠨ᠎ᠠ᠃ ᠬᠥᠳᠡᠭᠡ ᠲᠣᠰᠬᠤᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ 1000 ᠬᠥᠮᠦᠨ ᠬᠥᠷᠬᠦ ᠥᠬᠡᠶ᠂ ᠮᠠᠯᠵᠢᠬᠤ ᠣᠷᠣᠨ ᠤ ᠭᠠᠴᠠᠭ᠎ᠠ ᠶᠢᠨ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ 300 ᠬᠥᠮᠦᠨ ᠬᠥᠷᠬᠦ ᠥᠬᠡᠶ ᠪᠣᠯ ︽ᠬᠤᠶᠠᠷ ᠵᠥᠪᠯᠡᠯ︾ ᠤᠨ ᠪᠦᠷᠢᠯᠳᠦᠬᠦᠨ ᠨᠢ ᠡᠩ ᠤᠨ ᠪᠠᠶᠢᠳᠠᠯ ᠳᠤ 3 ᠠᠴᠠ 5 ᠬᠥᠮᠦᠨ ᠢᠶᠠᠷ ᠪᠦᠷᠢᠯᠳᠦᠨ᠎ᠡ︔ ᠬᠥᠳᠡᠭᠡ ᠲᠣᠰᠬᠤᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ 1000 ᠬᠥᠮᠦᠨ ᠠᠴᠠ ᠳᠡᠭᠡᠭᠰᠢ 3000 ᠬᠥᠮᠦᠨ ᠬᠦᠷᠬᠦ ᠦᠭᠡᠶ᠂ ᠮᠠᠯᠵᠢᠬᠤ ᠣᠷᠣᠨ ᠤ ᠭᠠᠴᠠᠭᠠᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ 300 ᠬᠥᠮᠦᠨ ᠠᠴᠠ ᠳᠡᠭᠡᠭᠰᠢ ᠪᠠᠶᠢᠪᠠᠯ᠂ ᠬᠠᠮᠤᠭ ᠠᠷᠪᠢᠨ ᠳᠠᠭᠠᠨ 7 ᠬᠥᠮᠦᠨ ᠠᠴᠠ ᠬᠡᠲᠦᠷᠡᠭᠦᠯᠬᠦ ᠦᠭᠡᠶ︔ ᠭᠠᠴᠠᠭ᠎ᠠ ᠲᠣᠰᠬᠤᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠨ ᠠᠮᠠ ᠶᠢ 3000 ᠠᠴᠠ ᠳᠡᠭᠡᠭᠰᠢ ᠪᠠᠶᠢᠪᠠᠯ ᠬᠠᠮᠤᠭ ᠠᠷᠪᠢᠨ ᠳᠠᠭᠠᠨ 9 ᠠᠴᠠ ᠬᠡᠲᠦᠷᠡᠭᠦᠯᠬᠦ ᠦᠭᠡᠶ᠃ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠡᠩ ᠤᠨ ᠪᠠᠶᠢᠳᠠᠯ ᠳᠤ 5 ᠠᠴᠠ 9 ᠬᠥᠮᠦᠨ ᠢᠶᠠᠷ ᠪᠦᠷᠢᠯᠳᠦᠵᠦ᠂ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠶ ᠡᠭᠦᠷ ᠡᠩ ᠤᠨ ᠪᠠᠶᠢᠳᠠᠯ ᠳᠤ 5 ᠠᠴᠠ 7 ᠬᠥᠮᠦᠨ ᠢᠶᠠᠷ ᠪᠦᠷᠢᠯᠳᠦᠵᠦ᠂ ᠨᠡᠶᠢᠭᠡᠮ ᠲᠣᠭᠤᠷᠢᠭ ᠤᠨ ᠨᠠᠮ ᠤᠨ ᠡᠭᠦᠷ ᠡᠩ ᠤᠨ ᠪᠠᠶᠢᠳᠠᠯ ᠳᠤ 3 ᠠᠴᠠ 5 ᠬᠥᠮᠦᠨ ᠢᠶᠠᠷ ᠪᠦᠷᠢᠯᠳᠦᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠡᠩ ᠤᠨ ᠪᠠᠶᠢᠳᠠᠯ ᠳᠤ 5 ᠠᠴᠠ 9 ᠬᠥᠮᠦᠨ ᠢᠶᠠᠷ ᠪᠦᠷᠢᠯᠳᠦᠨ᠎ᠡ᠃ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠤ ᠣᠷᠣᠨ ᠲᠤᠭ᠎ᠠ ᠶᠢ ᠨᠠᠮ ᠤᠨ ᠭᠡᠰᠢᠭᠦᠨ ᠤ ᠲᠤᠭ᠎ᠠ᠂ ᠨᠡᠶᠢᠭᠡᠮ ᠲᠣᠭᠤᠷᠢᠭ ᠤᠨ ᠬᠡᠪᠴᠢᠶ᠎ᠡ ᠶᠢ ᠦᠨᠳᠦᠰᠦᠯᠡᠨ ᠵᠣᠬᠢᠰᠲᠠᠶ ᠨᠡᠮᠡᠵᠦ ᠬᠠᠰᠤᠵᠤ᠂ ᠡᠩ ᠤᠨ ᠪᠠᠶᠢᠳᠠᠯ ᠳᠤ 11 ᠬᠥᠮᠦᠨ ᠠᠴᠠ ᠬᠡᠲᠦᠷᠡᠭᠦᠯᠬᠦ ᠥᠬᠡᠶ᠃ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠪᠤᠶᠤ ᠰᠠᠬᠢᠯᠭ᠎ᠠ ᠪᠠᠲᠤ ᠪᠠᠶᠢᠴᠠᠭᠠᠬᠤ ᠭᠡᠰᠢᠭᠦᠨ ᠲᠣᠬᠢᠷᠠᠭᠤᠯᠵᠤ ᠂ ︽ᠨᠢᠭᠡ ᠮᠥᠷᠥᠨ︾ ᠤ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠳᠡᠳ᠋ ᠱᠦᠵᠢ ᠲᠣᠬᠢᠷᠠᠭᠤᠯᠵᠤ ᠪᠣᠯᠤᠨ᠎ᠠ᠃ ᠠᠰᠠᠭᠤᠳᠠᠯ ᠢ ᠶᠠᠷᠢᠯᠴᠠᠬᠤ ᠳᠤ ᠲᠥᠬᠦᠮ᠂ ᠪᠠᠲᠤᠯᠠᠬᠤ ᠳᠤ ᠲᠥᠬᠦᠮ ᠢ ᠪᠣᠳᠣᠯᠬᠢᠯᠠᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠤ ᠲᠤᠰᠢᠶᠠᠯ ᠤᠨ ᠲᠤᠭ᠎ᠠ ᠨᠢ ᠴᠥᠮ ᠰᠣᠨᠳᠣᠭᠤᠶ ᠲᠤᠭ᠎ᠠ ᠪᠣᠯᠤᠨ᠎ᠠ᠃ ᠲᠤᠰᠢᠶᠠᠯ ᠤᠨ ᠲᠤᠭ᠎ᠠ ᠶᠢ ᠲᠣᠭᠲᠠᠭᠠᠬᠤ ᠳᠤ᠂ ᠡᠮᠡᠭᠲᠡᠶ ᠬᠥᠮᠦᠨ ᠤ ᠣᠷᠣᠨ ᠲᠤᠭ᠎ᠠ ᠲᠠᠢ ᠪᠠᠶᠢᠵᠤ᠂ ᠣᠯᠠᠨ ᠦᠨᠳᠦᠰᠦᠲᠡᠨ ᠣᠷᠣᠰᠢᠨ ᠰᠠᠭᠤᠭ᠎ᠠ ᠭᠠᠴᠠᠭ᠎ᠠ ᠲᠣᠰᠬᠤᠨ ᠳᠤ ᠬᠥᠮᠦᠨ ᠤ ᠲᠤᠭ᠎ᠠ ᠨᠢ ᠨᠡᠯᠢᠶᠡᠳ ᠴᠥᠭᠡᠨ ᠦᠨᠳᠦᠰᠦᠲᠡᠨ ᠤ ᠣᠷᠣᠨ ᠲᠤᠭ᠎ᠠ ᠲᠠᠢ ᠪᠠᠶᠢᠬᠤ ᠬᠡᠷᠡᠭᠲᠡᠶ᠃     ᠨᠠᠰᠤᠨ ᠤ ᠪᠦᠲᠦᠴᠡ ᠶᠢ ᠰᠢᠯᠢᠳᠡᠭᠵᠢᠭᠦᠯᠦᠨ᠂ ᠰᠢᠨ᠎ᠡ ᠪᠠᠷ ᠰᠣᠩᠭᠤᠨ ᠲᠣᠮᠢᠯᠠᠭᠰᠠᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠡᠩ ᠤᠨ ᠪᠠᠶᠢᠳᠠᠯ ᠳᠤ ᠪᠦᠬᠦᠯᠢ 55 ᠨᠠᠰᠤᠨ ᠠᠴᠠ ᠳᠣᠷᠣᠭᠰᠢ ᠪᠠᠶᠢᠵᠤ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠡᠩ ᠤᠨ ᠪᠠᠶᠢᠳᠠᠯ ᠳᠤ ᠪᠦᠬᠦᠯᠢ 45 ᠨᠠᠰᠤᠨ ᠠᠴᠠ ᠳᠣᠷᠣᠭᠰᠢ ᠪᠠᠶᠢᠵᠤ᠂ ᠵᠠᠷᠴᠢᠮ ᠳᠡᠭᠡᠷ᠎ᠡ ᠪᠠᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠳᠣᠲᠣᠷ᠎ᠠ ᠪᠦᠬᠦᠯᠢ 35 ᠨᠠᠰᠤᠨ ᠠᠴᠠ ᠳᠣᠷᠣᠭᠰᠢᠬᠢ ᠵᠠᠯᠠᠭᠤ ᠺᠠᠳ᠋ᠷ ᠠᠳᠠᠭ ᠲᠠᠭᠠᠨ 1 ᠨᠡᠷ᠎ᠡ ᠪᠠᠶᠢᠵᠤ᠂ ︽ᠨᠢᠭᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠤᠳᠤᠷᠢᠳᠬᠤ ᠪᠠᠭ ᠤᠨ ᠨᠢᠭᠡ ᠣᠶᠤᠲᠠᠨ︾ ᠠᠴᠠ ᠬᠥᠮᠦᠵᠢᠭᠦᠯᠵᠦ ᠡᠯᠰᠡᠨ ᠠᠪᠬᠤ ᠬᠥᠮᠦᠰ ᠤᠨ ᠳᠣᠲᠣᠷ᠎ᠠ ᠠᠴᠠ ᠵᠠᠯᠠᠭᠤ ᠺᠠᠳ᠋ᠷ ᠢ ᠰᠢᠯᠢᠨ ᠳᠡᠪᠰᠢᠭᠦᠯᠬᠦ ᠶᠢ ᠴᠢᠬᠤᠯᠠᠴᠢᠯᠠᠬᠤ ᠬᠡᠷᠡᠭᠲᠡᠶ᠃ 60 ᠨᠠᠰᠤ ᠶᠢ ᠳᠠᠪᠠᠭᠰᠠᠨ ᠰᠢᠯᠢᠳᠡᠭ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠢ ᠦᠷᠭᠦᠯᠵᠢᠯᠡᠨ ᠦᠯᠡᠳᠡᠭᠡᠵᠦ᠂ ᠵᠠᠷᠴᠢᠮ ᠳᠡᠭᠡᠷ᠎ᠡ ᠪᠠᠨ 65 ᠨᠠᠰᠤ ᠶᠢ ᠳᠠᠪᠠᠭᠤᠯᠬᠤ ᠦᠭᠡᠶ᠃     ᠶᠠᠭᠤ ᠶᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠤ ᠵᠢᠩᠬᠢᠨᠢ ᠵᠢᠱᠢᠭᠳᠡᠭᠴᠢ ᠭᠡᠬᠦ ᠪᠣᠶ︖     ᠬᠠᠷᠢᠭᠤᠯᠲᠠ᠄ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ︵ᠠᠵᠢᠯᠯᠠᠬᠤ ᠬᠤᠷᠢᠶ᠎ᠠ︶ ᠶᠢᠨ ᠨᠠᠮ ᠤᠨ ᠬᠤᠷᠢᠶ᠎ᠠ ᠨᠢ ᠪᠡᠯᠡᠳᠬᠡᠯ ᠵᠢᠱᠢᠭᠳᠡᠭᠴᠢ ᠶᠢᠨ ᠲᠤᠰᠢᠶᠠᠯ ᠡᠭᠦᠷᠭᠡᠯᠡᠬᠦ ᠬᠢᠷᠢ ᠬᠡᠮ ᠤᠨ ᠠᠩᠬᠠᠨ ᠤ ᠬᠢᠨᠠᠯᠲᠠ ᠶᠢ ᠬᠠᠷᠢᠭᠤᠴᠠᠵᠤ᠂ ᠬᠤᠰᠢᠭᠤ ᠬᠤᠲᠠ ᠲᠣᠭᠤᠷᠢᠭ ᠠᠴᠠ ᠵᠣᠬᠢᠶᠠᠨ ᠪᠠᠶᠢᠭᠤᠯᠵᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢᠶᠠᠷ ᠲᠦᠷᠦᠭᠦᠯᠡᠭᠦᠯᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠨᠢᠭᠡᠳᠦᠮᠡᠯ ᠹᠷᠣᠨᠲ᠂ ᠰᠢᠭᠦᠨ ᠲᠠᠰᠤᠯᠬᠤ᠂ ᠪᠠᠶᠢᠴᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ᠂ ᠶᠡᠷᠦᠩᠬᠡᠶᠢᠯᠡᠨ ᠵᠠᠰᠠᠬᠤ᠂ ᠵᠠᠬᠢᠳᠠᠯ ᠰᠤᠷᠪᠤᠯᠵᠢᠯᠠᠯ᠂ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠣᠷᠴᠢᠨ ᠲᠣᠭᠤᠷᠢᠨ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠭᠠᠶᠢᠯᠢ ᠶᠢᠨ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠢᠨᠠᠨ ᠪᠤᠳᠤᠯᠲᠠ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠬᠢᠷᠢ ᠬᠡᠮ ᠤᠨ᠃     ᠲᠣᠰ ᠤᠳᠠᠭᠠᠨ ᠤ ᠬᠤᠭᠤᠴᠠᠭ᠎ᠠ ᠰᠣᠯᠢᠬᠤ ᠳᠤᠮᠳᠠ᠂ ᠵᠢᠱᠢᠭᠳᠡᠭᠰᠡᠳ ᠤᠨ ᠬᠢᠷᠢ ᠬᠡᠮ ᠤᠨ ᠨᠥᠬᠦᠴᠡᠯ ᠳᠤ ᠶᠠᠮᠠᠷ ᠶᠠᠮᠠᠷ ᠱᠠᠭᠠᠷᠳᠠᠯᠭ᠎ᠠ ᠪᠠᠶᠢᠬᠤ ᠪᠣᠶ︖     ᠬᠠᠷᠢᠭᠤᠯᠲᠠ᠄ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠢᠱᠢᠭᠳᠡᠭᠴᠢ ᠶᠢᠨ ᠶᠠᠰᠤ ᠴᠢᠨᠠᠷ ᠢ ᠪᠠᠲᠤᠯᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ︽ᠬᠤᠶᠠᠷ ᠰᠠᠶᠢᠨ ᠬᠤᠤᠰ ᠬᠦᠴᠦᠷᠬᠡᠭ︾ ᠬᠥᠮᠦᠰ ᠢ ᠵᠢᠱᠢᠭᠳᠡᠭᠴᠢ ᠪᠠᠷ ᠰᠣᠩᠭᠤᠬᠤ ᠶᠢ ᠴᠢᠬᠤᠯᠠᠴᠢᠯᠠᠵᠤ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠢᠯᠠᠩᠭᠤᠶ᠎ᠠ ᠳᠠᠭᠠᠭᠤᠯᠤᠭᠴᠢ ᠶᠢ ᠦᠨᠡᠨ ᠬᠦ ᠰᠢᠯᠢᠳᠡᠭ ᠢ ᠨᠢ ᠰᠣᠩᠭᠤᠵᠤ ᠬᠦᠴᠦᠷᠬᠡᠭ ᠢ ᠨᠢ ᠳᠣᠭᠢᠷᠠᠭᠤᠯᠤᠨ᠎ᠠ᠃ ︵1︶ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠨᠢ ᠰᠠᠶᠢᠨ᠃ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠬᠠᠮᠰᠠᠷ ᠠᠴᠠ ᠪᠠᠨ ᠪᠠᠲᠤ ᠴᠣᠭᠴᠠᠯᠠᠨ᠎ᠠ︔ ︵2︶ ᠶᠣᠰᠣ ᠮᠣᠷᠠᠯ ᠵᠠᠩ ᠰᠤᠷᠲᠠᠯ ᠰᠠᠶᠢᠲᠠᠢ᠃ ᠲᠥᠪ ᠭᠤᠣᠯᠴᠢ᠂ ᠠᠷᠠᠳᠴᠢᠯᠠᠯ ᠲᠠᠢ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ᠂ ᠨᠡᠯᠢᠶᠡᠳ ᠴᠢᠩᠭ᠎ᠠ ᠵᠣᠷᠢᠯᠲᠠ ᠶᠢᠨ ᠤᠬᠠᠮᠰᠠᠷ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠲᠠᠢ ᠪᠠᠶᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠤᠯᠠᠨ ᠲᠦᠮᠡᠨ ᠳᠤ ᠪᠣᠳᠠᠲᠤ ᠶᠠᠪᠤᠳᠠᠯ ᠰᠠᠶᠢᠨ ᠶᠠᠪᠤᠳᠠᠯ ᠬᠢᠵᠦ ᠴᠢᠳᠠᠬᠤ ᠬᠡᠷᠡᠭᠲᠡᠢ︔ ︵3︶ ᠪᠠᠶᠠᠨ ᠢ ᠳᠠᠭᠠᠭᠤᠯᠬᠤ ᠴᠢᠳᠠᠪᠤᠷᠢ ᠪᠠᠷ ᠴᠢᠩᠭ᠎ᠠ᠃ ᠬᠠᠷᠠᠭ᠎ᠠ ᠥᠷᠭᠡᠨ᠂ ᠵᠣᠷᠢᠭᠲᠠᠢ ᠬᠢᠵᠦ ᠵᠣᠷᠢᠭᠲᠠᠢ ᠲᠡᠮᠡᠴᠡᠵᠦ᠂ ᠤᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠴᠢᠳᠠᠪᠤᠷᠢ ᠲᠠᠢ᠂ ᠤᠯᠠᠨ ᠲᠦᠮᠡᠨ ᠢ ᠬᠦᠳᠦᠯᠦᠨ ᠳᠠᠭᠠᠭᠤᠯᠵᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠵᠤ ᠴᠢᠳᠠᠨ᠎ᠠ︔ ︵4︶ ᠵᠣᠬᠢᠴᠠᠭᠤᠯᠬᠤ ᠴᠢᠳᠠᠪᠤᠷᠢ ᠪᠠᠷ ᠴᠢᠩᠭ᠎ᠠ᠃ ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠲᠡᠨ ᠤ ᠠᠵᠢᠯ ᠤᠨ ᠬᠡᠷᠡᠭᠴᠡᠭᠡ ᠳᠤ ᠵᠣᠬᠢᠴᠠᠭᠤᠯᠤᠨ᠂ ᠲᠣᠪᠤᠶᠢᠮ᠎ᠠ ᠵᠥᠷᠢᠴᠡᠯ ᠢ ᠰᠢᠢᠳᠪᠦᠷᠢᠯᠡᠬᠦ᠂ ᠪᠤᠳᠤᠯᠢᠶᠠᠨᠲᠠᠶ ᠠᠰᠠᠭᠤᠳᠠᠯ ᠢ  ᠰᠢᠢᠳᠪᠦᠷᠢᠯᠡᠬᠦ ᠳᠤ ᠴᠢᠳᠠᠮᠠᠭᠠᠶ ᠪᠠᠶᠢᠵᠤ᠂ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠵᠣᠬᠢᠶᠠᠨ ᠪᠠᠶᠢᠭᠤᠯᠤᠨ ᠥᠷᠨᠢᠭᠦᠯᠬᠦ ᠶᠢ ᠵᠣᠬᠢᠴᠠᠭᠤᠯᠵᠤ ᠴᠢᠳᠠᠨ᠎ᠠ᠃     ᠬᠤᠰᠢᠭᠤᠨ ᠤ ᠱᠠᠲᠤᠨ ᠤ ᠬᠠᠮᠲᠤᠷᠠᠨ ᠬᠢᠨᠠᠬᠤ ᠳᠤᠮᠳᠠ᠂ ᠶᠠᠮᠠᠷ ᠶᠠᠮᠠᠷ ᠬᠥᠮᠦᠰ ᠤᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠲᠤ ᠣᠷᠣᠬᠤ ᠶᠢ ᠲᠠᠰᠤ ᠵᠣᠭᠰᠣᠭᠠᠬᠤ ᠪᠣᠶ︖     ᠬᠠᠷᠢᠭᠤᠯᠲᠠ᠄ ᠲᠣᠰ ᠤᠳᠠᠭᠠᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠶᠠᠪᠤᠴᠠ ᠳᠤ᠂ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠤ ᠵᠢᠱᠢᠭᠳᠡᠭᠴᠢ ᠶᠢᠨ ᠬᠢᠷᠢ ᠬᠡᠮ ᠢ ᠬᠠᠮᠲᠤᠷᠠᠨ ᠬᠢᠨᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠠᠯ᠎ᠠ ᠪᠠᠷ ᠬᠢ ᠬᠤᠶᠠᠷ ᠨᠢᠭᠤᠷᠲᠠᠨ᠂ ᠡᠷᠡᠭᠦᠦ ᠶᠢᠨ ᠰᠢᠳᠬᠡᠯ ᠣᠯᠵᠤ ᠥᠩᠭᠡᠷᠡᠭᠰᠡᠨ᠂ ︽ᠲᠣᠰᠬᠤᠨ ᠤ ᠡᠵᠡᠷᠬᠡᠭᠴᠢ︾ ᠪᠠ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠵᠡᠷᠭᠡ ᠠᠰᠠᠭᠤᠳᠠᠯ ᠣᠷᠣᠰᠢᠵᠤ ᠪᠠᠶᠢᠭ᠎ᠠ ᠬᠥᠮᠦᠰ᠂ ᠬᠠᠤᠯᠢ ᠪᠤᠰᠤ ᠱᠠᠰᠢᠨ ᠰᠤᠷᠲᠠᠬᠤᠨ ᠪᠠ ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠭᠴᠢ᠂ ᠬᠡᠷᠡᠭᠵᠢᠭᠦᠯᠦᠭᠴᠢ᠂ ᠣᠷᠣᠯᠴᠠᠭᠴᠢ᠂ ᠦᠨᠳᠦᠰᠦᠲᠡᠨ ᠤ ᠠᠰᠠᠭᠤᠳᠠᠯ᠂ ᠠᠶᠢᠮᠠᠭ ᠪᠦᠯᠦᠭ ᠤᠨ ᠬᠦᠴᠦᠨ ᠢ ᠠᠰᠢᠭᠯᠠᠨ ᠰᠣᠩᠭᠤᠭᠤᠯᠢ ᠶᠢ ᠬᠠᠷᠰᠢᠯᠠᠨ ᠡᠪᠳᠡᠭᠰᠡᠨ ᠬᠥᠮᠦᠰ ᠢ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠦᠷᠢᠯᠳᠦᠬᠦᠨ ᠠᠴᠠ ᠡᠷᠡᠰ ᠵᠠᠶᠢᠯᠠᠭᠤᠯᠬᠤ ᠬᠡᠷᠡᠭᠲᠡᠶ᠃
 
ᠢᠷᠡᠯᠲᠡ᠄ ᠵᠠᠯᠠᠨ ᠠᠶᠢᠯ ᠬᠤᠲᠠ ᠶᠢᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号